ᠭᠡᠭᠦᠦ ᠶᠢ ᠬᠡᠭᠡᠯ ᠬᠠᠶᠠᠭᠤᠯᠳᠠᠭ ᠰᠠᠯᠮᠤᠨᠧᠯ ᠪᠠᠺᠲ᠋ᠧᠷᠢ ᠶᠢᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ  ᠮᠡᠳᠡᠯᠭᠡ ︵ᠬᠤᠶᠠᠷ︶
ᠨᠡᠶᠢᠲᠡᠯᠡᠭᠰᠡᠨ ᠴᠠᠭ᠄
2024/8/15
      10. ᠮᠣᠷᠢᠨ ᠤ ᠲᠥᠷᠥᠯ ᠤᠨ ᠠᠮᠢᠲᠠᠨ ᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠠᠴᠠ ᠭᠡᠭᠦᠦ ᠶᠢ  ᠬᠡᠭᠡᠯ ᠬᠠᠶᠠᠭᠤᠯᠳᠠᠭ ᠰᠠᠯᠮᠤᠨᠧᠯ ᠪᠠᠺᠲ᠋ᠧᠷᠢᠲᠦ ᠡᠪᠡᠳᠴᠢᠨ ᠢ ᠬᠡᠷᠬᠢᠨ ᠰᠡᠷᠭᠡᠶᠢᠯᠡᠨ ᠬᠢᠵᠠᠭᠠᠷᠯᠠᠬᠤ ᠪᠣᠶ︖           ᠭᠡᠭᠦᠦ ᠶᠢ ᠬᠡᠭᠡᠯ ᠬᠠᠶᠠᠭᠤᠯᠳᠠᠭ ᠰᠠᠯᠮᠤᠨᠧᠯ ᠪᠠᠺᠲ᠋ᠧᠷᠢᠲᠦ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠳᠤ ︽  ᠲᠡᠵᠢᠭᠡᠬᠦ᠂ ᠪᠠᠶᠢᠴᠠᠭᠠᠬᠤ᠂ ᠪᠢᠲᠡᠭᠦᠮᠵᠢᠯᠡᠬᠦ᠂ ᠬᠡᠯᠲᠦᠷᠢᠭᠦᠯᠬᠦ᠂ ᠲᠤᠰᠠᠭᠠᠷᠯᠠᠬᠤ᠂ ᠰᠢᠢᠳᠪᠦᠷᠢᠯᠡᠬᠦ᠂ ᠠᠷᠢᠯᠭᠠᠬᠤ︾  ᠭᠡᠬᠦ ᠳᠣᠯᠣᠭᠠᠨ ᠦᠭᠡ ᠪᠠᠷ ᠬᠤᠷᠢᠶᠠᠩᠭᠤᠶᠢᠯᠠᠵᠤ ᠪᠣᠯᠣᠨ᠎ᠠ᠃ ᠲᠡᠵᠢᠭᠡᠬᠦ᠄ ᠠᠷᠠᠴᠢᠯᠠᠵᠤ ᠲᠡᠵᠢᠭᠡᠬᠦ  ᠬᠠᠮᠢᠶᠠᠷᠤᠯᠲᠠ ᠪᠠᠨ ᠴᠢᠩᠭᠠᠳᠬᠠᠵᠤ᠂ ᠮᠣᠷᠢ ᠡᠯᠵᠢᠭᠡᠨ ᠤ ᠲᠣᠰ ᠪᠡᠶ᠎ᠡ ᠶᠢᠨ ᠡᠪᠡᠳᠴᠢᠨ ᠡᠮᠭᠡᠭ ᠢ ᠡᠰᠡᠷᠭᠦᠴᠡᠬᠦ  ᠴᠢᠳᠠᠪᠤᠷᠢ ᠶᠢ ᠳᠡᠭᠡᠭᠰᠢᠯᠡᠭᠦᠯᠦᠨ᠎ᠡ︔ ᠭᠠᠳᠠᠭᠠᠳᠤ ᠠᠴᠠ ᠣᠷᠣᠵᠤ ᠢᠷᠡᠬᠦ ᠴᠢᠬᠤᠯᠠ ᠪᠤᠰᠤ ᠠᠶᠤᠯ ᠲᠦᠭᠰᠢᠭᠦᠷᠢ ᠶᠢ  ᠪᠠᠭᠠᠰᠬᠠᠨ᠎ᠠ᠃ ᠪᠠᠶᠢᠴᠠᠭᠠᠬᠤ᠄ ᠬᠢᠵᠢᠭ ᠡᠪᠡᠳᠴᠢᠨ ᠳᠤ ᠬᠢᠵᠢᠭ ᠤᠨ ᠪᠠᠶᠢᠴᠠᠭᠠᠯᠲᠠ ᠬᠢᠵᠦ ᠪᠠᠶᠢᠴᠠᠭᠠᠨ ᠰᠢᠯᠭᠠᠵᠤ᠂  ᠰᠦᠷᠦᠭ ᠤᠨ ᠣᠨᠴᠠ ᠲᠣᠭᠲᠠᠭᠰᠠᠨ ᠡᠪᠡᠳᠴᠢᠨ ᠡᠮᠭᠡᠭ ᠢ ᠡᠰᠡᠷᠭᠦᠴᠡᠬᠦ ᠪᠠᠶᠢᠳᠠᠯ ᠢ ᠲᠣᠳᠣᠷᠬᠠᠶᠢᠯᠠᠨ᠎ᠠ︔  ᠪᠢᠲᠡᠭᠦᠮᠵᠢᠯᠡᠬᠦ᠄ ᠰᠦᠷᠦᠭ ᠢ ᠪᠢᠲᠡᠭᠦᠮᠵᠢᠯᠡᠵᠦ᠂ ᠭᠠᠳᠠᠭᠠᠳᠤ ᠶᠢᠷᠲᠢᠨᠴᠦ ᠯᠦᠭᠡ ᠶᠢᠨ ᠰᠣᠯᠢᠯᠴᠠᠭ᠎ᠠ ᠪᠠᠨ ᠪᠠᠭᠠᠰᠬᠠᠪᠠᠯ  ᠬᠠᠮᠤᠭ ᠰᠠᠶᠢᠨ︔ ᠬᠡᠯᠲᠦᠷᠢᠭᠦᠯᠬᠦ᠄ ᠮᠣᠷᠢ ᠡᠯᠵᠢᠭᠡᠨ ᠳᠤ ᠸᠠᠺᠼᠢᠨ ᠤ ᠲᠠᠷᠢᠯᠭ᠎ᠠ ᠬᠢᠬᠦ ᠪᠣᠯ ᠬᠠᠮᠤᠭ ᠤᠨ  ᠪᠦᠲᠦᠮᠵᠢᠲᠡᠶ ᠠᠷᠭ᠎ᠠ ᠮᠥᠨ︔ ᠠᠯᠤᠰᠯᠠᠯ᠄ ᠰᠢᠨ᠎ᠡ ᠪᠠᠷ ᠣᠷᠣᠭᠤᠯᠤᠭᠰᠠᠨ ᠲᠠᠯᠠᠪᠤᠷ ᠤᠨ ᠮᠣᠷᠢ ᠡᠯᠵᠢᠭᠡ ᠶᠢ  ᠲᠤᠰᠠᠭᠠᠷᠯᠠᠬᠤ ᠵᠢᠴᠢ ᠡᠪᠡᠳᠴᠢᠨ ᠡᠮᠭᠡᠭ ᠡᠭᠦᠰᠬᠦ ᠦᠶ᠎ᠡ ᠳᠤ ᠣᠨᠴᠠ ᠵᠠᠷᠢᠮ ᠡᠪᠡᠳᠴᠢᠯᠡᠭᠰᠡᠨ ᠠᠮᠢᠲᠠᠨ ᠢ  ᠲᠤᠰᠠᠭᠠᠷᠯᠠᠬᠤ ᠶᠢ ᠪᠠᠭᠲᠠᠭᠠᠨ᠎ᠠ︔ ᠰᠢᠢᠳᠪᠦᠷᠢᠯᠡᠬᠦ᠄ ᠬᠠᠯᠳᠠᠪᠤᠷᠢᠲᠤ ᠡᠪᠡᠳᠴᠢᠨ ᠡᠭᠦᠰᠬᠦ ᠦᠶ᠎ᠡ ᠳᠤ᠂ ᠲᠣᠬᠢᠲᠠᠢ  ᠪᠥᠭᠡᠳ ᠴᠠᠭ ᠲᠤᠬᠠᠢ ᠳᠤᠨᠢ ᠰᠢᠢᠳᠪᠦᠷᠢᠯᠡᠬᠦ ᠨᠢ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠳᠤ ᠴᠢᠬᠤᠯᠠ  ᠦᠢᠯᠡᠳᠦᠯ ᠲᠠᠢ︔ ᠠᠷᠢᠭᠤᠳᠬᠠᠬᠤ᠄ ᠬᠠᠯᠳᠠᠪᠤᠷᠢᠲᠤ ᠡᠪᠡᠳᠴᠢᠨ ᠡᠭᠦᠰᠬᠦ ᠦᠶ᠎ᠡ ᠳᠤ᠂ ᠪᠣᠬᠢᠷᠲᠤᠭᠰᠠᠨ ᠣᠷᠣᠨ᠂  ᠪᠣᠬᠢᠷᠲᠤᠭᠰᠠᠨ ᠲᠡᠵᠢᠭᠡᠯ ᠡᠪᠡᠰᠦ᠂ ᠲᠡᠵᠢᠭᠡᠯ ᠪᠣᠷᠳᠤᠭ᠎ᠠ ᠶᠢ ᠠᠷᠢᠭᠤᠳᠬᠠᠨ ᠰᠢᠢᠳᠪᠦᠷᠢᠯᠡᠨ᠎ᠡ᠃            11. ᠮᠣᠷᠢᠨ ᠤ ᠲᠥᠷᠥᠯ ᠤᠨ ᠠᠮᠢᠲᠠᠨ ᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠲᠡᠵᠢᠭᠡᠨ  ᠠᠷᠠᠴᠢᠯᠠᠬᠤ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ ᠪᠣᠶ︖            ᠡᠩ ᠲᠡᠷᠢᠭᠦᠨ ᠳᠤ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠠᠷᠢᠭᠤᠨ ᠴᠡᠪᠡᠷ᠂ ᠰᠠᠯᠬᠢ ᠰᠠᠶᠢᠨ  ᠨᠡᠪᠲᠡᠷᠡᠬᠦ᠂ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠵᠣᠬᠢᠰᠲᠠᠢ ᠪᠠᠶᠢᠯᠭᠠᠬᠤ ᠶᠢ  ᠪᠠᠲᠤᠯᠠᠨ᠎ᠠ︔ ᠳᠠᠷᠠᠭ᠎ᠠ ᠳᠤᠨᠢ ᠪᠦᠬᠦ ᠲᠠᠯ᠎ᠠ ᠶᠢᠨ ᠰᠢᠮ᠎ᠡ ᠲᠡᠵᠢᠭᠡᠯ ᠲᠠᠢ᠂ ᠶᠠᠰᠤ ᠴᠢᠨᠠᠷ ᠢᠶᠠᠷ ᠰᠠᠶᠢᠨ ᠲᠡᠵᠢᠭᠡᠯ  ᠪᠣᠷᠳᠤᠭ᠎ᠠ ᠶᠢ ᠬᠡᠷᠡᠭᠯᠡᠪᠡᠯ ᠵᠣᠬᠢᠨ᠎ᠠ᠃ ᠲᠡᠵᠢᠭᠡᠨ ᠦᠷᠡᠵᠢᠭᠦᠯᠬᠦ ᠳᠤ ᠴᠡᠪᠡᠷ ᠤᠰᠤ ᠬᠡᠷᠡᠭᠯᠡᠵᠦ᠂ ᠪᠦᠬᠦᠨ ᠢ  ᠣᠷᠣᠭᠤᠯᠵᠤ ᠪᠦᠬᠦᠨ ᠢ ᠭᠠᠷᠭᠠᠬᠤ᠂ ᠥᠪᠡᠷ ᠢᠶᠠᠨ ᠦᠷᠡᠵᠢᠭᠦᠯᠵᠦ ᠥᠪᠡᠷ ᠢᠶᠠᠨ ᠲᠡᠵᠢᠭᠡᠨ ᠠᠷᠠᠴᠢᠯᠠᠬᠤ ᠠᠷᠭ᠎ᠠ  ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ᠃            12. ᠰᠢᠯᠵᠢᠭᠦᠯᠦᠨ ᠲᠡᠭᠡᠭᠡᠪᠦᠷᠢᠯᠡᠬᠦ ᠦᠶ᠎ᠡ ᠳᠤ ᠲᠡᠭᠡᠭᠡᠪᠦᠷᠢ ᠶᠢᠨ ᠲᠡᠷᠭᠡ ᠶᠠᠭᠤ ᠶᠢ ᠠᠩᠬᠠᠷᠬᠤ ᠬᠡᠷᠡᠭᠲᠡᠢ  ᠪᠤᠢ︖            ᠲᠡᠭᠡᠭᠡᠪᠦᠷᠢᠯᠡᠬᠦ ᠠᠴᠠ ᠡᠮᠦᠨ᠎ᠡ᠂ ᠲᠡᠭᠡᠭᠡᠪᠦᠷᠢ ᠶᠢᠨ ᠲᠡᠷᠭᠡ ᠶᠢ ᠪᠦᠷᠢᠮᠦᠰᠦᠨ ᠠᠷᠢᠭᠤᠳᠬᠠᠨ ᠰᠢᠢᠳᠪᠦᠷᠢᠯᠡᠵᠦ᠂ ᠲᠡᠭᠡᠭᠡᠪᠦᠷᠢ ᠶᠢᠨ ᠲᠡᠷᠭᠡ ᠶᠢᠨ ᠪᠣᠬᠢᠷᠲᠤᠯ ᠨᠢ ᠮᠣᠷᠢ ᠡᠯᠵᠢᠭᠡᠨ ᠤ ᠬᠠᠯᠳᠠᠪᠤᠷᠢᠯᠠᠯ ᠤᠨ ᠲᠦᠭᠰᠢᠭᠦᠷᠢ ᠶᠢ  ᠨᠡᠮᠡᠭᠳᠡᠭᠦᠯᠬᠦ ᠠᠴᠠ ᠵᠠᠶᠢᠯᠠᠰᠬᠢᠬᠦ ᠬᠡᠷᠡᠭᠲᠡᠢ᠃          13. ᠮᠣᠷᠢᠨ ᠤ ᠲᠥᠷᠥᠯ ᠤᠨ ᠠᠮᠢᠲᠠᠨ ᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠳᠤ  ᠠᠷᠢᠭᠤᠳᠬᠠᠬᠤ ᠠᠵᠢᠯ ᠢ ᠬᠡᠷᠬᠢᠨ ᠥᠷᠨᠢᠭᠦᠯᠬᠦ ᠪᠣᠶ︖            ᠠᠮᠢᠲᠠᠨ ᠢ ᠲᠡᠵᠢᠭᠡᠬᠦ᠂ ᠨᠢᠲᠤᠯᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠶᠢ  ᠡᠷᠬᠢᠯᠡᠵᠦ ᠪᠠᠶᠢᠭ᠎ᠠ ᠨᠢᠭᠡᠴᠢ ᠪᠠ ᠬᠤᠪᠢ ᠬᠥᠮᠥᠨ ᠠᠮᠢᠲᠠᠨ ᠤ ᠬᠢᠵᠢᠭ ᠢ ᠰᠡᠷᠭᠡᠶᠢᠯᠡᠨ ᠠᠷᠢᠭᠤᠳᠬᠠᠬᠤ ᠳᠦᠷᠢᠮ ᠢ  ᠪᠠᠶᠢᠭᠤᠯᠤᠨ ᠬᠡᠷᠡᠭᠵᠢᠭᠦᠯᠵᠦ᠂ ᠪᠦᠬᠦ ᠲᠠᠯ᠎ᠠ ᠪᠠᠷ ᠠᠷᠢᠭᠤᠳᠬᠠᠬᠤ ᠠᠵᠢᠯ ᠢ ᠰᠢᠨᠵᠢᠯᠡᠬᠦ ᠤᠬᠠᠭᠠᠨᠴᠢ ᠪᠠᠷ  ᠵᠢᠷᠤᠮᠵᠢᠭᠤᠯᠤᠨ ᠥᠷᠨᠢᠭᠦᠯᠵᠦ᠂ ᠡᠪᠡᠳᠴᠢᠨ ᠢᠶᠠᠷ ᠦᠬᠦᠭᠰᠡᠨ ᠠᠮᠢᠲᠠᠨ ᠵᠢᠴᠢ ᠲᠡᠭᠦᠨ ᠤ ᠢᠯᠭᠠᠳᠠᠰᠤ᠂  ᠪᠣᠬᠢᠷᠲᠤᠭᠰᠠᠨ ᠲᠡᠵᠢᠭᠡᠯ ᠪᠣᠷᠳᠤᠭ᠎ᠠ᠂ ᠳᠡᠪᠢᠰᠬᠦ ᠮᠠᠲ᠋ᠧᠷᠢᠶᠠᠯ ᠵᠡᠷᠭᠡ ᠶᠢ ᠴᠠᠭ ᠲᠤᠬᠠᠢ ᠳᠤᠨᠢ ᠬᠤᠣᠷ  ᠦᠭᠡᠶᠢᠵᠢᠭᠦᠯᠦᠨ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ ᠲᠡᠷᠭᠡ ᠬᠥᠰᠬᠡ᠂ ᠬᠥᠮᠥᠨ ᠬᠠᠷ᠎ᠠ᠂ ᠡᠳ᠋ ᠪᠣᠳᠠᠰ  ᠵᠡᠷᠭᠡ ᠶᠢᠨ ᠣᠷᠣᠵᠤ ᠭᠠᠷᠬᠤ ᠶᠢ ᠬᠢᠵᠠᠭᠠᠷᠯᠠᠵᠤ᠂ ᠴᠢᠩᠭ᠎ᠠ ᠠᠷᠢᠭᠤᠳᠬᠠᠬᠤ ᠬᠡᠷᠡᠭᠲᠡᠢ᠃            14. ᠮᠣᠷᠢᠨ ᠤ ᠲᠥᠷᠥᠯ ᠤᠨ ᠠᠮᠢᠲᠠᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠲᠣᠭᠲᠠᠭᠰᠠᠨ  ᠬᠤᠭᠤᠴᠠᠭ᠎ᠠ ᠲᠠᠢ ᠪᠠᠷ ᠠᠷᠢᠭᠤᠳᠬᠠᠬᠤ ᠴᠢᠬᠤᠯᠠᠲᠠᠢ ᠦᠦ︖            ᠬᠡᠷᠡᠭ ᠲᠠᠢ᠃ ᠮᠣᠷᠢᠨ ᠤ ᠲᠥᠷᠥᠯ ᠤᠨ ᠠᠮᠢᠲᠠᠨ ᠤ ᠠᠷᠠᠯᠵᠢᠶᠠᠨ ᠤ ᠵᠠᠬ᠎ᠠ ᠳᠡᠯᠭᠡᠭᠦᠷ᠂ ᠢᠯᠠᠩᠭᠤᠶ᠎ᠠ  ᠡᠯᠵᠢᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠨᠢ ᠡᠯᠵᠢᠭᠡᠨ ᠤ ᠢᠷᠡᠯᠲᠡ ᠣᠯᠠᠨ᠂ ᠰᠣᠯᠢᠯᠴᠠᠭ᠎ᠠ ᠣᠯᠠᠨ  ᠤᠴᠢᠷ ᠠᠴᠠ ᠬᠠᠯᠳᠠᠪᠤᠷᠢᠲᠤ ᠡᠪᠡᠳᠴᠢᠨ ᠢ ᠡᠭᠦᠰᠬᠡᠬᠦ ᠴᠢᠬᠤᠯᠠ ᠢᠷᠡᠯᠲᠡ ᠶᠢᠨ ᠨᠢᠭᠡ ᠪᠣᠯᠣᠨ᠎ᠠ᠃ ᠠᠷᠢᠭᠤᠳᠬᠠᠬᠤ  ᠪᠣᠯ ᠬᠠᠯᠳᠠᠪᠤᠷᠢᠯᠠᠯ ᠤᠨ ᠡᠬᠢ ᠰᠤᠷᠪᠤᠯᠵᠢ ᠶᠢ ᠡᠵᠡᠮᠳᠡᠨ᠂ ᠬᠠᠯᠳᠠᠪᠤᠷᠢᠯᠠᠬᠤ ᠵᠠᠮ ᠢ ᠲᠠᠰᠤᠯᠬᠤ ᠪᠦᠲᠦᠮᠵᠢᠲᠡᠶ ᠠᠷᠭ᠎ᠠ  ᠬᠡᠮᠵᠢᠶ᠎ᠡ ᠶᠢᠨ ᠨᠢᠭᠡ ᠪᠣᠯᠣᠨ᠎ᠠ᠃ ᠠᠷᠠᠯᠵᠢᠶᠠᠨ ᠤ ᠵᠠᠬ᠎ᠠ ᠳᠡᠯᠭᠡᠭᠦᠷ ᠢ ᠠᠷᠢᠭᠤᠳᠬᠠᠪᠠᠯ᠂ ᠣᠷᠴᠢᠨ ᠲᠣᠭᠤᠷᠢᠨ ᠳᠠᠬᠢ  ᠡᠪᠡᠳᠴᠢᠨ ᠡᠭᠦᠰᠬᠡᠭᠴᠢ ᠶᠢ ᠤᠰᠠᠳᠬᠠᠵᠤ᠂ ᠬᠢᠵᠢᠭ ᠡᠪᠡᠳᠴᠢᠨ ᠤ ᠰᠣᠯᠪᠢᠴᠠᠨ ᠬᠠᠯᠳᠠᠪᠤᠷᠢᠯᠠᠬᠤ ᠶᠢ ᠬᠢᠵᠠᠭᠠᠷᠯᠠᠬᠤ  ᠪᠦᠲᠦᠮᠵᠢᠲᠡᠶ ᠠᠷᠭ᠎ᠠ ᠬᠡᠮᠵᠢᠶ᠎ᠡ ᠪᠣᠯᠣᠨ᠎ᠠ᠃            15. ᠭᠡᠭᠦᠦ ᠶᠢ ᠬᠡᠭᠡᠯ ᠬᠠᠶᠠᠭᠤᠯᠳᠠᠭ ᠰᠠᠯᠮᠤᠨᠧᠯ ᠪᠠᠺᠲ᠋ᠧᠷᠢᠲᠦ ᠡᠪᠡᠳᠴᠢᠨ ᠢ ᠬᠡᠷᠬᠢᠨ ᠣᠨᠣᠰᠢᠯᠠᠬᠤ ᠪᠣᠢ︖            ᠭᠡᠭᠦᠦ ᠶᠢ ᠬᠡᠭᠡᠯ ᠬᠠᠶᠠᠭᠤᠯᠳᠠᠭ ᠰᠠᠯᠮᠤᠨᠧᠯ ᠪᠠᠺᠲ᠋ᠧᠷᠢᠲᠦ ᠡᠪᠡᠳᠴᠢᠨ ᠨᠢ ᠵᠠᠷ ᠤᠨ ᠴᠢᠨᠠᠷᠲᠠᠢ ᠡᠪᠡᠳᠴᠢᠨ ᠤ  ᠣᠨᠴᠠᠯᠢᠭ ᠲᠠᠢ ᠨᠡᠶᠢᠴᠡᠵᠦ᠂ ᠡᠮᠴᠢᠯᠡᠭᠡᠨ ᠤ ᠰᠢᠨᠵᠢ ᠲᠡᠮᠳᠡᠭ ᠪᠠ ᠡᠪᠡᠳᠴᠢᠨ ᠤ ᠵᠦᠢ ᠶᠢᠨ ᠬᠤᠪᠢᠷᠠᠯᠲᠠ ᠳᠤ  ᠨᠡᠶᠢᠴᠡᠭᠰᠡᠨ ᠪᠠᠶᠢᠪᠠᠯ ᠰᠡᠵᠢᠭᠲᠡᠢ ᠡᠪᠡᠳᠴᠢᠨ ᠤ ᠵᠢᠱᠢᠶ᠎ᠡ ᠪᠠᠷ ᠮᠠᠭᠠᠳᠯᠠᠨ ᠲᠣᠭᠲᠠᠭᠠᠨ᠎ᠠ᠃ ᠬᠠᠶᠠᠭᠰᠠᠨ ᠬᠡᠭᠡᠯ ᠤᠨ  ᠳᠣᠲᠣᠷ ᠡᠷᠬᠡᠲᠡᠨ᠂ ᠡᠬᠡ ᠮᠠᠯ ᠤᠨ ᠤᠮᠠᠢ ᠶᠢᠨ ᠰᠢᠩᠭᠡᠨ ᠤ ᠵᠠᠭᠪᠤᠷ᠂ ᠡᠷ᠎ᠡ ᠮᠠᠯ ᠤᠨ ᠦᠷ᠎ᠡ ᠶᠢᠨ ᠰᠢᠩᠭᠡᠨ᠂  ᠤᠨᠠᠭᠠᠨ ᠤ ᠦᠶ᠎ᠡ ᠶᠢᠨ ᠬᠤᠷᠠᠮᠠᠯ ᠰᠢᠩᠭᠡᠨ ᠵᠡᠷᠭᠡ ᠦᠯᠢᠭᠡᠷ ᠡᠳ᠋ ᠢ ᠳᠤᠮᠳᠠᠳᠤ ᠤᠯᠤᠰ ᠤᠨ ᠲᠠᠷᠢᠶᠠᠯᠠᠩ ᠤᠨ  ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠷᠪᠢᠨ ᠤ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠪᠤᠶᠤ ᠪᠤᠰᠤᠳ  ᠲᠤᠷᠰᠢᠯᠲᠠ ᠶᠢᠨ ᠲᠠᠰᠤᠭ ᠲᠤ ᠬᠦᠷᠭᠡᠵᠦ ᠰᠢᠯᠭᠠᠨ ᠪᠠᠶᠢᠴᠠᠭᠠᠯᠭᠠᠵᠤ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ  ᠡᠪᠡᠳᠴᠢᠨ ᠡᠭᠦᠰᠬᠡᠭᠴᠢ ᠶᠢᠨ ᠤᠬᠠᠭᠠᠨ ᠨᠢ ᠠᠷᠭ᠎ᠠ ᠴᠢᠨᠠᠷ ᠲᠠᠢ ᠪᠠᠶᠢᠪᠠᠯ᠂ ᠭᠡᠭᠦᠦ ᠶᠢ ᠬᠡᠭᠡᠯ ᠬᠠᠶᠠᠭᠤᠯᠳᠠᠭ  ᠰᠠᠯᠮᠤᠨᠧᠯ ᠪᠠᠺᠲ᠋ᠧᠷᠢ ᠶᠢᠨ ᠡᠪᠡᠳᠴᠢᠨ ᠢᠶᠠᠷ ᠣᠨᠣᠰᠢᠯᠠᠨ᠎ᠠ᠃            16. ᠭᠡᠭᠦᠦ ᠶᠢ ᠬᠡᠭᠡᠯ ᠬᠠᠶᠠᠭᠤᠯᠳᠠᠭ ᠰᠠᠯᠮᠤᠨᠧᠯ ᠪᠠᠺᠲ᠋ᠧᠷᠢ ᠶᠢᠨ ᠪᠣᠬᠢᠷᠲᠤᠯ ᠤᠨ ᠲᠠᠯᠠᠪᠠᠶ ᠶᠢ ᠴᠡᠪᠡᠷᠯᠡᠬᠦ ᠳᠤ  ᠬᠢᠯᠪᠠᠷ ᠦᠦ︖             ᠲᠡᠶᠢᠮᠦ ᠬᠢᠯᠪᠡᠷ ᠪᠢᠰᠢ᠃ ᠬᠡᠷᠪᠡ ᠭᠡᠭᠦᠦ ᠶᠢ ᠬᠡᠭᠡᠯ ᠬᠠᠶᠠᠭᠤᠯᠳᠠᠭ ᠰᠠᠯᠮᠤᠨᠧᠯ ᠪᠠᠺᠲ᠋ᠧᠷᠢ ᠳᠤ ᠪᠣᠬᠢᠷᠲᠤᠪᠠᠯ  ᠠᠷᠢᠯᠭᠠᠬᠤ ᠳᠤ ᠪᠡᠷᠬᠡ ᠪᠠᠶᠢᠳᠠᠭ᠃ ᠣᠷᠴᠢᠨ ᠲᠣᠭᠤᠷᠢᠨ ᠳᠤ ᠪᠤᠶᠤ ᠨᠢᠭᠤᠭᠳᠠᠮᠠᠯ ᠠᠮᠢᠲᠠᠨ ᠤ ᠪᠡᠶ᠎ᠡ ᠳᠤ ᠪᠠᠶᠢᠵᠤ  ᠮᠡᠳᠡᠨ᠎ᠡ᠂ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠪᠤᠷᠢ ᠮᠠᠭᠤᠳᠠᠬᠤ ᠦᠶ᠎ᠡ ᠳᠤ ᠭᠡᠭᠦᠦ ᠶᠢ ᠬᠡᠭᠡᠯ ᠬᠠᠶᠠᠭᠤᠯᠳᠠᠭ  ᠰᠠᠯᠮᠤᠨᠧᠯ ᠪᠠᠺᠲ᠋ᠧᠷᠢ ᠶᠢᠨ ᠡᠪᠡᠳᠴᠢᠨ ᠳᠠᠭᠢᠵᠤ ᠡᠭᠦᠰᠳᠡᠭ᠃  
 
ᠢᠷᠡᠯᠲᠡ᠄ ᠦᠪᠦᠷ ᠮᠤᠩᠭᠤᠯ ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号