ᠬᠤᠸᠠᠩ ᠯᠦᠩ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/16
      8 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠤᠸᠠᠩ ᠯᠦᠩ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠲᠤᠬᠠᠢ ᠤᠨ ᠭᠠᠵᠠᠷ ᠲᠤᠨᠢ ᠪᠠᠶᠢᠴᠠᠭᠠᠨ ᠰᠤᠳᠤᠯᠵᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠠᠩ ᠰᠢᠶᠤᠤ ᠬᠤᠩ ᠪᠣᠯᠤᠨ ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠰᠣᠶᠣᠯ ᠵᠢᠭᠤᠯᠴᠢᠯᠠᠯ ᠤᠨ ᠺᠣᠮᠫᠠᠨᠢ ᠵᠡᠷᠭᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠳᠠᠳ ᠪᠠᠷ᠎ᠠ ᠪᠣᠯᠪᠠ᠃     ᠬᠤᠸᠠᠩ ᠯᠦᠩ ᠪᠠᠲᠤᠬᠠᠭᠠᠯᠭ᠎ᠠ ᠪᠠᠯᠭᠠᠰᠤᠨ ᠤ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ᠂ ᠬᠤᠸᠠᠩ ᠬᠤᠸᠠ ᠲᠠᠨ ᠪᠣᠬᠢᠷᠲᠤᠯ ᠦᠭᠡᠢ ᠢᠳᠡᠭᠡᠨ ᠤ ᠬᠦᠷᠢᠶᠡᠯᠡᠩ ᠲᠣᠭᠤᠷᠢᠭ ᠤᠨ ᠥᠪᠥᠷ ᠮᠣᠩᠭᠤᠯ ᠤᠨ ᠲᠢᠶᠠᠨ ᠢᠦᠢ ᠮᠦ ᠭᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠠᠯ ᠪᠡᠯᠴᠢᠭᠡᠷ ᠢ ᠨᠢᠭᠡ ᠴᠤᠬᠴᠠᠵᠢᠭᠤᠯᠬᠤ ᠲᠦᠷᠦᠯ ᠵᠦᠢᠯ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ  ᠲᠠᠷᠬᠠᠨ ᠴᠡᠭᠡ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ᠂ ᠪᠠᠶᠠᠨ᠋ᠣ᠋ᠪᠣᠭ᠎ᠠ ᠰᠤᠮᠤᠨ ᠤ ᠺᠦᠢ ᠰᠧ ᠵᠢᠤᠸᠠᠨ ᠱᠠᠨ ᠰᠦ ᠶᠢᠨ ᠦᠢᠯᠡᠰ ᠤᠨ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠲᠦᠷᠦᠯ ᠳᠡᠮᠳᠡᠭᠵᠢᠯᠲᠡ᠂ ᠠᠮᠢ  ᠠᠬᠤᠶᠢᠵᠢᠯᠳᠡ ᠪᠠᠷ ᠬᠥᠭᠵᠢᠯᠲᠡ ᠶᠢᠨ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠦᠷᠳᠡᠭ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠠᠷᠭ᠎ᠠ ᠤᠬᠠᠭᠠᠨ ᠭᠠᠷᠭᠠᠵᠤ᠂ ᠪᠦᠲᠦᠭᠡᠭᠳᠡᠬᠦᠨ ᠤ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠳᠡᠭᠡᠳᠦ ᠲᠡᠰ ᠤᠨ ᠪᠣᠬᠢᠷᠲᠤᠯ ᠦᠭᠡᠢ ᠴᠢᠭᠯᠡᠯ ᠲᠡᠰᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠷᠠᠲᠤ ᠲᠥᠷᠥᠯ ᠲᠡᠮᠳᠡᠭᠲᠦ ᠶᠢᠨ ᠤᠬᠠᠮᠰᠠᠷ ᠢᠶᠠᠨ ᠴᠢᠩᠭᠠᠳᠬᠠᠵᠤ᠂ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠳᠠᠷᠢᠵᠤ ᠲᠡᠵᠢᠭᠡᠬᠦ᠂ ᠡᠳ᠋ᠰᠢᠭᠦᠯᠬᠦ᠂ ᠪᠣᠷᠣᠯᠠᠭᠤᠯᠬᠤ ᠪᠥᠬᠦ ᠶᠠᠪᠤᠴᠠ ᠳᠤ ᠲᠤᠭᠤᠰᠢᠯᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠡᠭᠦᠰᠦᠯ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠭᠡᠷᠡᠯᠲᠦᠭᠦᠯᠬᠦ ᠬᠡᠷᠡᠭᠲᠡᠶ᠃ ᠪᠡᠯᠴᠢᠭᠡᠷᠯᠡᠭᠦᠯᠬᠦ ᠶᠢ ᠵᠤᠭᠰᠤᠭᠠᠬᠤ᠂  ᠪᠡᠯᠴᠢᠭᠡᠷ ᠢ ᠠᠮᠠᠷᠠᠭᠤᠯᠬᠤ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠤᠲᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠠᠰᠠᠭᠤᠳᠠᠯ ᠢ ᠰᠡᠢᠳᠪᠦᠷᠢᠯᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号