8 ᠰᠠᠷ᠎ᠠ ᠶᠢᠨ 15 ᠤ ᠡᠳᠦᠷ᠂ ᠳᠠᠷᠬᠠᠨ ᠮᠤᠤᠮᠢᠩᠭᠠᠨ ᠬᠤᠰᠢᠭᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠬᠤᠰᠢᠭᠤᠨ ᠤ ᠣᠶᠤᠨ ᠤ ᠪᠣᠯᠪᠠᠰᠤᠨ ᠤ ᠠᠯᠪᠠᠨ ᠬᠡᠷ᠂ | ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠰᠢᠭᠤᠨ ᠤ | ᠬᠠᠮ ᠵᠠᠭᠤᠴᠢᠯᠠᠭᠤᠷ ᠤᠨ ᠲᠥᠪ ᠬᠠᠮᠲᠤᠷᠠᠨ ᠳᠠᠭᠠᠭᠠᠴᠢᠯᠠᠨ ᠡᠷᠭᠢᠯᠡᠭᠰᠡᠨ ᠳᠠᠷᠬᠠᠨ ᠮᠤᠤᠮᠢᠩᠭᠠᠨ ᠬᠤᠯᠪᠤᠭᠠᠳᠤ | ᠬᠤᠰᠢᠭᠤᠨ ᠤ 2024 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ | ᠤᠷᠤᠯᠳᠤᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠨᠡᠪᠲᠡᠷᠡᠭᠦᠯᠭᠡ ᠶᠢᠨ ᠶᠡᠭᠡ ᠲᠢᠩᠬᠢᠮ ᠳᠤ | ᠠᠮᠵᠢᠯᠲᠠ ᠲᠠᠢ ᠶᠠᠪᠤᠭᠳᠠᠵᠤ᠂ ᠪᠥᠬᠦ ᠬᠤᠰᠢᠭᠤᠨ ᠤ ᠠᠳᠠᠯᠢ ᠪᠤᠰᠤ ᠠᠵᠢᠯ ᠤᠨ ᠪᠠᠶᠢᠷᠢ ᠠᠴᠠ ᠢᠷᠡᠭᠰᠡᠨ10 | ᠰᠢᠯᠢᠳᠡᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠲᠠᠶᠢᠯᠪᠤᠷᠢᠯᠠᠭᠴᠢ | ᠬᠠᠮᠲᠤ ᠪᠠᠷ ᠤᠷᠤᠯᠳᠤᠭᠠᠨ ᠳᠤ ᠣᠷᠣᠯᠴᠠᠵᠤ᠂ ᠠᠵᠢᠯ ᠤᠨ ᠠᠷᠭ᠎ᠠ ᠪᠠᠨ ᠲᠠᠨᠢᠯᠴᠠᠭᠤᠯᠵᠤ᠂ ᠦᠷ᠎ᠡ ᠪᠦᠲᠦᠮᠵᠢ ᠪᠠᠨ | ᠢᠯᠡᠷᠡᠬᠦᠯᠦᠨ᠂ ᠬᠠᠷᠢᠯᠴᠠᠨ ᠰᠣᠯᠢᠯᠴᠠᠨ ᠰᠤᠷᠤᠯᠴᠠᠵᠤ᠂ ᠡᠯ᠎ᠡ ᠵᠦᠢᠯ ᠤᠨ ᠠᠵᠢᠯ ᠤᠨ ᠳᠠᠬᠢᠨ ᠳᠡᠭᠡᠭᠰᠢᠯᠡᠬᠦ ᠶᠢ | ᠠᠬᠢᠭᠤᠯᠪᠠ᠃ | ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠪᠠᠭ᠎ᠠ ᠤᠩᠭᠤᠨ ᠰᠢᠶᠠᠩ᠂ ᠪᠠᠶ᠋ᠬᠠᠤᠪᠤᠭ᠎ᠠ ᠰᠤᠮᠤ᠂ | ᠠᠶᠢᠪᠠᠭ᠎ᠠ ᠨᠡᠶᠢᠭᠡᠮ ᠲᠣᠭᠤᠷᠢᠭ ᠵᠡᠷᠭᠡ ᠠᠴᠠ ᠢᠷᠡᠭᠰᠡᠨ ᠲᠠᠶᠢᠯᠪᠤᠷᠢᠯᠠᠭᠴᠢ ᠪᠣᠯᠪᠠᠰᠤᠨ ᠤ ᠦᠢᠯᠡᠳᠦᠯᠭᠡ ᠶᠢᠨ | ᠲᠥᠷᠥᠯ ᠵᠦᠢᠯ ᠢ ᠲᠤᠬᠠᠶ ᠶᠢᠨ ᠲᠠᠯᠠᠪᠠᠶ ᠳᠤ ᠲᠠᠶᠢᠯᠪᠤᠷᠢᠯᠠᠬᠤ᠂ PPT ᠶᠢᠨ ᠬᠠᠪᠰᠤᠷᠤᠨ ᠳᠡᠯᠭᠡᠨ ᠦᠵᠡᠭᠦᠯᠬᠦ | ᠬᠡᠯᠪᠡᠷᠢ ᠪᠠᠷ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠬᠦ ᠠᠷᠭ᠎ᠠ ᠬᠡᠮᠵᠢᠶ᠎ᠡ᠂ | ᠬᠢᠯᠠᠰ ᠴᠡᠭ ᠦᠷ᠎ᠡ ᠪᠦᠲᠦᠮᠵᠢ᠂ ᠨᠡᠶᠢᠭᠡᠮ ᠤᠨ ᠨᠥᠯᠥᠭᠡ ᠵᠡᠷᠭᠡ ᠠᠭᠤᠯᠭ᠎ᠠ ᠶᠢ ᠠᠮᠢᠳᠤᠯᠢᠭ ᠢᠶᠠᠷ ᠢᠯᠡᠷᠡᠭᠦᠯᠵᠦ᠂ | ᠭᠤᠤᠯᠳᠠᠭᠤ ᠣᠨᠣᠯ ᠢ ᠤᠬᠠᠭᠤᠯᠤᠨ ᠲᠠᠶᠢᠯᠪᠤᠷᠢᠯᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠲᠤᠰᠠᠯᠠᠬᠤ᠂ ᠨᠠᠰᠤᠲᠠᠨ ᠢ ᠬᠠᠪᠰᠤᠷᠤᠨ ᠨᠢᠯᠬᠠᠰ ᠢ ᠬᠠᠮᠠᠭᠠᠯᠠᠬᠤ | ᠵᠡᠷᠭᠡ ᠣᠯᠠᠨ ᠲᠥᠷᠥᠯ ᠢ ᠬᠠᠮᠤᠷᠴᠠᠶ᠃ ᠤᠷᠤᠯᠳᠤᠭᠠᠨ ᠤ ᠳᠤᠮᠳᠠ ᠡᠯ᠎ᠡ ᠲᠥᠷᠥᠯ ᠵᠦᠢᠯ ᠭᠤᠤᠯ ᠲᠠᠯ᠎ᠠ ᠶᠡᠭᠡ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠦᠴᠦᠨ | ᠨᠡᠮᠡᠷᠢᠯᠡᠬᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠳᠦᠯᠭᠡ ᠶᠢᠨ ᠬᠥᠮᠦᠨ ᠢ ᠬᠥᠮᠦᠵᠢᠭᠦᠯᠬᠦ ᠪᠣᠳᠠᠲᠤ ᠦᠷ᠎ᠡ | ᠪᠦᠲᠦᠮᠵᠢ ᠵᠡᠷᠭᠡ ᠬᠠᠷᠠᠭᠠᠰᠤ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠴᠢᠯᠡᠭᠡ ᠶᠢᠨ ᠠᠵᠢᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠬᠦᠢᠴᠡᠳ ᠳᠡᠯᠭᠡᠨ | ᠦᠵᠡᠭᠦᠯᠵᠦ᠂ ᠲᠤᠬᠠᠶ ᠶᠢᠨ ᠲᠠᠯᠠᠪᠠᠢ ᠶᠢᠨ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ ᠦᠵᠡᠭᠴᠢᠳ ᠤᠨ | ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠲᠡᠭᠡᠨ | ᠨᠢᠭᠡᠳᠦᠭᠡᠷ ᠳᠡᠰ ᠤᠨ 1 ᠲᠥᠷᠥᠯ ᠵᠦᠢᠯ᠂ ᠬᠤᠶᠠᠳᠤᠭᠠᠷ ᠳᠡᠰ ᠤᠨ 2 ᠲᠥᠷᠥᠯ ᠵᠦᠢᠯ᠂ ᠭᠤᠷᠪᠠᠳᠤᠭᠠᠷ ᠳᠡᠰ ᠤᠨ | 3 ᠲᠥᠷᠥᠯ ᠵᠦᠢᠯ ᠪᠠ 4 ᠰᠢᠯᠢᠳᠡᠭ ᠱᠠᠩᠨᠠᠯ ᠤᠨ ᠲᠥᠷᠥᠯ ᠵᠦᠢᠯ ᠢ ᠰᠣᠩᠭᠤᠨ ᠭᠠᠷᠭᠠᠪᠠ᠃ | ᠲᠣᠰ ᠤᠳᠠᠭᠠᠨ ᠤ ᠤᠷᠤᠯᠳᠤᠭᠠᠨ ᠨᠢ ᠡᠯ᠎ᠡ ᠲᠥᠷᠥᠯ ᠤᠨ ᠪᠣᠯᠪᠠᠰᠤᠨ ᠤ ᠦᠢᠯᠡᠴᠢᠯᠡᠭᠡ ᠶᠢᠨ ᠲᠥᠷᠥᠯ ᠵᠦᠢᠯ ᠢ | ᠳᠡᠯᠭᠡᠨ ᠦᠵᠡᠭᠦᠯᠵᠦ ᠰᠣᠯᠢᠯᠴᠠᠬᠤ ᠲᠠᠪᠴᠠᠩ ᠬᠠᠩᠭᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠳᠠᠷᠬᠠᠨ | ᠮᠤᠤᠮᠢᠩᠭᠠᠨᠬᠤᠯᠪᠣᠭᠠᠲᠤ ᠬᠤᠰᠢᠭᠤᠨ ᠤ ᠬᠤᠷᠢᠶ᠎ᠠ ᠠᠴᠠ ᠢᠷᠡᠭᠰᠡᠨ ︽ᠤᠷᠤᠢ ᠶᠢᠨ ᠰᠤᠷᠭᠠᠭᠤᠯᠢ ᠪᠠᠷ ᠵᠠᠯᠠᠭᠤ | ᠨᠠᠰᠤ ᠶᠢ ᠬᠡᠬᠡᠷᠡᠬᠦᠯᠦᠨᠡ︾ ᠭᠡᠬᠦ ᠲᠥᠷᠥᠯ ᠵᠦᠢᠯ ᠨᠢ ᠲᠣᠰ ᠤᠳᠠᠭᠠᠨ ᠤ ᠤᠷᠤᠯᠳᠤᠭᠠᠨ ᠤ ᠨᠢᠭᠡᠳᠦᠭᠡᠷ ᠳᠡᠰ ᠤᠨ | ᠱᠠᠩᠨᠠᠯ ᠭᠥᠷᠳᠡᠵᠦ᠂ ᠲᠠᠶᠢᠯᠪᠤᠷᠢᠯᠠᠭᠴᠢ ᠵᠠᠩ ᠶᠠᠨ ᠢᠦᠶ᠄ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠲᠣᠰ ᠤᠳᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ | ᠤᠷᠤᠯᠳᠤᠭᠠᠨ ᠳᠤ ᠮᠠᠰᠢ ᠣᠯᠠᠨ ᠰᠢᠯᠢᠳᠡᠭ ᠲᠥᠷᠥᠯ ᠵᠦᠢᠯ ᠢ ᠢᠯᠡᠷᠡᠭᠦᠯᠵᠡᠶ᠂ ᠪᠢᠳᠡ ᠪᠠᠰᠠ ᠲᠣᠰ ᠤᠳᠠᠭᠠᠨ ᠤ | ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠵᠠᠯᠠᠭᠤᠴᠤᠳ ᠢ ᠨᠢᠭᠲᠠᠷᠠᠭᠤᠯᠬᠤ᠂ ᠵᠠᠯᠠᠭᠤᠴᠤᠳ ᠤᠨ | ᠦᠢᠯᠡᠴᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠠᠭᠠᠴᠢ ᠶᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠳᠤᠮᠳᠠ ᠰᠢᠨ᠎ᠡ ᠶᠢ ᠡᠬᠦᠳᠬᠦ ᠰᠢᠪᠲᠤᠯᠤᠯᠲᠠ ᠭᠠᠷᠭᠠᠨ᠎ᠠ︾ | ᠭᠡᠪᠡ᠃ | ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠷ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠨᠢᠭᠡ | ᠪᠦᠯᠦᠭ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠢ ᠪᠤᠶᠢᠵᠢᠭᠤᠯᠵᠤ᠂ ᠪᠣᠯᠪᠠᠰᠤᠨ ᠤ ᠦᠢᠯᠡᠳᠦᠯᠭᠡ ᠶᠢᠨ | ᠵᠢᠭᠰᠠᠭᠠᠯ ᠤᠨ ᠭᠠᠵᠠᠷ ᠢ ᠭᠡᠷᠡᠭᠯᠡᠨ᠂ ᠡᠩᠨᠡᠭᠡ ᠶᠢ ᠬᠦᠴᠦᠷᠭᠡᠭᠵᠢᠬᠦᠯᠦᠨ᠂ ᠠᠵᠢᠯᠯᠠᠭ᠎ᠠ ᠶᠢ ᠪᠤᠳᠠᠳᠠᠶᠢᠵᠢᠭᠤᠯᠵᠤ᠂ | ᠲᠣᠭᠲᠠᠴᠠ ᠶᠢ ᠤᠯᠠᠮ ᠲᠡᠬᠦᠯᠳᠡᠷᠵᠢᠬᠦᠯᠪᠡ᠃ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠷᠠᠰᠢᠭᠤᠸᠠ᠄ ︽ᠮᠠᠨ ᠤ | ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠡᠰ ᠲᠡᠪᠰᠢᠬᠦᠯᠬᠦ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ | ᠥᠨᠥᠳᠦᠷ ᠪᠢᠳᠡ 2024 ᠣᠨ ᠤ ᠳᠠᠷᠬᠠᠨ ᠮᠤᠤᠮᠢᠩᠭᠠᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠦᠷᠦᠯ ᠵᠦᠢᠯ ᠤᠨ ᠤᠷᠤᠯᠳᠤᠭᠠᠨ ᠢ ᠡᠷᠬᠢᠯᠡᠵᠦ᠂ ᠮᠠᠨ ᠤ ᠬᠤᠰᠢᠭᠤᠨ ᠤ ᠪᠣᠯᠪᠠᠰᠤᠨ ᠤ | ᠦᠢᠯᠡᠳᠦᠯᠭᠡ ᠶᠢᠨ ᠠᠵᠢᠯ ᠤᠨ ᠰᠢᠨ᠎ᠡ ᠰᠢᠪᠲᠤᠯᠤᠯᠲᠠ ᠶᠢ ᠳᠡᠯᠭᠡᠨ ᠦᠵᠡᠭᠦᠯᠵᠡᠢ᠃ ᠤᠷᠤᠯᠳᠤᠭᠠᠨ ᠢᠶᠠᠷ | ᠳᠠᠮᠵᠢᠭᠤᠯᠤᠨ ᠨᠢᠭᠡ ᠪᠦᠯᠦᠭ ᠣᠷᠣᠨ ᠨᠤᠲᠤᠭ ᠤᠨ ᠣᠨᠴᠠᠯᠢᠭ ᠢ ᠢᠯᠡᠷᠡᠭᠦᠯᠦᠭᠰᠡᠨ᠂ ᠤᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠲᠠᠢ ᠨᠢᠭᠲᠠ ᠤᠶᠠᠯᠳᠤᠭᠰᠠᠨ᠂ ᠨᠡᠶᠢᠭᠡᠮ ᠤᠨ ᠨᠥᠯᠥᠭᠡ ᠪᠠᠷ ᠶᠡᠭᠡ ᠪᠣᠯᠪᠠᠰᠤᠨ ᠤ ᠦᠢᠯᠡᠳᠦᠯᠭᠡ ᠶᠢᠨ | ᠨᠡᠷᠡᠳᠦ ᠲᠡᠮᠳᠡᠭ ᠤᠨ ᠲᠦᠷᠦᠯ ᠵᠦᠢᠯ ᠢ ᠠᠭᠤᠳᠠᠯᠤᠨ ᠪᠤᠶᠢᠵᠢᠭᠤᠯᠵᠤ᠂ ᠪᠣᠯᠪᠠᠰᠤᠨ ᠤ ᠦᠢᠯᠡᠳᠦᠯᠭᠡ ᠶᠢᠨ ᠠᠵᠢᠯ ᠢ | ᠣᠨᠣᠪᠴᠢᠵᠢᠭᠤᠯᠬᠤ᠂ ᠪᠠᠶᠢᠩᠭᠤᠵᠢᠭᠤᠯᠬᠤ᠂ ᠳᠥᠭᠦᠮᠴᠢᠯᠡᠬᠦ᠂ ᠨᠡᠷᠡᠳᠦ ᠳᠡᠮᠳᠡᠭᠵᠢᠬᠦᠯᠬᠦ ᠬᠥᠭᠵᠢᠯᠲᠡ ᠶᠢ | ᠲᠠᠰᠤᠷᠠᠯᠲᠠ ᠦᠭᠡᠢ ᠠᠬᠢᠭᠤᠯᠬᠤ ᠶᠢ ᠬᠦᠰᠡᠵᠦ ᠪᠠᠶᠢᠨ᠎ᠠ︾ ᠬᠡᠵᠡᠢ᠃ |