ᠵᠢᠶᠠ ᠪᠦᠦ ᠯᠢᠶᠠᠩ ᠦᠬᠠᠨ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠭᠰᠠᠨ ᠪᠥᠭᠡᠳ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/17
      8 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠦᠬᠠᠨ ᠳᠤ ᠬᠦᠷᠴᠦ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠰᠢᠨᠵᠢᠯᠡᠨ ᠪᠠᠶᠢᠴᠠᠭᠠᠭᠰᠠᠨ ᠪᠥᠭᠡᠳ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ᠪᠣᠬᠢᠷᠲᠤᠯ ᠦᠭᠡᠢ ᠪᠡᠯᠡ ᠣᠷᠣᠭᠤᠯᠤᠯᠲᠠ ᠶᠢᠨ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃     ᠵᠢᠶᠠ ᠪᠦᠦ ᠯᠢᠶᠠᠩ ᠨᠠᠷ ᠤᠷᠢᠳ ᠬᠤᠵᠢᠳ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠳᠤᠮᠳᠠᠳᠤ ᠤᠯᠤᠰ ᠤᠨ  ᠪᠠᠷᠢᠯᠭ᠎ᠠ ᠶᠢᠨ ᠭᠤᠸᠠᠩ ᠭᠦ᠋ ᡁᠢ ᠰᠢᠩ ᠠᠵᠤ ᠦᠢᠯᠡᠰ ᠤᠨ ᠬᠦᠷᠢᠶᠡᠯᠡᠩ᠂ ᠭᠧ ᠳ᠋ᠢᠶᠠᠨ ᠠᠵᠤ ᠦᠢᠯᠡᠰ ᠤᠨ ᠬᠦᠷᠢᠶᠡᠯᠡᠩ᠂ ᠭᠤᠸᠠᠩ ᠭᠦ᠋ ᠰᠢᠨᠵᠢᠯᠡᠬᠦ ᠤᠬᠠᠭᠠᠨ ᠤ ᠠᠷᠠᠯ ᠤᠨ ᠲᠦᠷᠦᠯ ᠵᠦᠢᠯ᠂ ᠬᠤᠸᠠᠩ ᠰᠢᠶᠤᠤ ᠾᠧ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠳᠤᠮᠳᠠᠳᠤ ᠤᠯᠤᠰ ᠤᠨ  ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠵᠢᠴᠢ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ᠪᠣᠬᠢᠷᠲᠤᠯ ᠦᠭᠡᠢ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ︽ᠬᠤᠳᠠ ᠶᠢᠨ ᠬᠤᠷᠰᠢᠭᠴᠢ︾ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠭᠪᠤᠷ ᠪᠣᠯᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠬᠦ ᠦᠶᠡᠯᠡᠯ ᠤᠨ ᠬᠤᠭᠤᠴᠠᠭᠠᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠴᠢᠳᠠᠪᠤᠷᠢ ᠶᠢ ᠰᠢᠨᠵᠢᠯᠡᠨ ᠪᠠᠶᠢᠴᠠᠭᠠᠪᠠ᠃      ᠳᠤᠮᠳᠠᠳᠤ ᠤᠯᠤᠰ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠬᠡᠯᠲᠡᠰ ᠲᠤ᠂ ᠵᠢᠶᠠ ᠪᠦᠦ ᠯᠢᠶᠠᠩ ᠳᠡᠳ᠋ ᠶᠡᠷᠦᠩᠬᠡᠶ ᠳᠠᠭᠠᠭᠠᠮᠠᠯ ᠰᠢᠶᠠ ᠶᠤᠸᠠᠨ ᠶᠦᠨ᠂  ᠪᠤᠬᠢᠷᠳᠤᠯ ᠦᠬᠡᠢ ᠪᠠᠯᠠ ᠣᠷᠣᠭᠤᠯᠤᠯᠲᠠ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠮᠢᠨ ᠬᠤᠩ ᠫᠢᠩ ᠨᠡᠷ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ ᠂ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ᠣᠶᠢᠷ᠎ᠠ ᠶᠢᠨ ᠵᠢᠯ ᠤᠨ ᠥᠭᠡᠷᠡᠴᠢᠯᠡᠯᠲᠡ ᠬᠥᠭᠵᠢᠯᠲᠡ ᠪᠠ ᠡᠨᠧᠷᠭᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠵᠢᠴᠢ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ᠪᠣᠬᠢᠷᠲᠤᠯ ᠥᠬᠡᠶ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ᠂ ᠭᠤᠤᠯᠯᠠᠬᠤ ᠳᠠᠪᠠᠭᠤᠯᠢᠭ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠵᠢᠶᠠ ᠪᠦᠦ ᠯᠢᠶᠠᠩ  ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠨᠧᠷᠭᠢ᠂ ᠪᠣᠭᠤᠮᠲᠠ᠂ ᠬᠦᠷᠢᠶᠡᠯᠡᠩ ᠲᠣᠭᠤᠷᠢᠭ ᠵᠡᠷᠭᠡ ᠳᠠᠪᠠᠭᠤᠯᠢᠭ ᠲᠠᠯ᠎ᠠ ᠳᠠᠭᠠᠨ ᠰᠠᠭᠤᠷᠢᠯᠠᠵᠤ᠂ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠰᠠᠶᠢᠨ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠪᠠᠨ ᠦᠷᠭᠡᠳᠭᠡᠵᠦ᠂ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠭᠪᠤᠷ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠡᠨᠧᠷᠭᠢ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠨᠠᠮᠵᠢᠭᠤᠨ ᠰᠤᠳᠠᠯ ᠤᠨ ᠠᠵᠤ ᠦᠢᠯᠡᠰ᠂ ᠣᠶᠤᠨᠴᠢ ᠴᠠᠬᠢᠯᠭᠠᠨ ᠲᠦᠭᠡᠭᠡᠬᠦ ᠲᠣᠣᠷ ᠵᠡᠷᠭᠡ ᠬᠦᠷᠢᠶ᠎ᠡ  ᠭᠡᠪᠴᠢᠶᠡᠨ ᠳᠤ ᠭᠦᠨᠵᠡᠭᠡᠢ ᠬᠠᠮᠲᠤᠷᠠᠯᠴᠠᠨ ᠬᠦᠭᠵᠢᠬᠡᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠭᠠᠷ ᠬᠤᠯᠪᠣᠨ ᠴᠣᠭᠴᠠᠯᠠᠬᠤ ᠶᠢ ᠬᠦᠰᠡᠵᠦ ᠪᠠᠶᠢᠨ᠎ᠠ  ᠭᠡᠵᠦ ᠢᠯᠡᠷᠬᠡᠶᠢᠯᠡᠪᠡ᠃     ᠬᠤᠷᠠᠯ ᠳᠡᠭᠡᠷ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ᠶᠢᠨ ᠪᠤᠬᠢᠷᠳᠤᠯ ᠦᠬᠡᠢ ᠪᠡᠯᠡ ᠣᠷᠣᠭᠤᠯᠤᠯᠲᠠ ᠶᠢᠨ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂  ᠬᠤᠶᠠᠷ ᠲᠠᠯ᠎ᠠ ᠶᠢᠨ ᠨᠢᠭᠲᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ  ᠴᠢᠩᠭᠠᠳᠬᠠᠪᠠ᠃        ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠨ ᠴᠦᠨ ᠯᠸᠢ᠂ ᠳᠡᠳ᠋ ᠬᠤᠰᠢᠭᠤᠨ ᠳᠠᠷᠤᠭ᠎ᠠ ᠸᠠᠩ ᡁᠢ ᠶᠦᠩ᠂ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠰᠠᠭᠤᠷᠢ ᠲᠥᠬᠦᠭᠡᠷᠦᠮᠵᠢ ᠶᠢ ᠨᠡᠭᠡᠭᠡᠨ ᠬᠥᠭᠵᠢᠭᠦᠯᠬᠦ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠳᠠᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号