ᠪᠤᠭᠤᠲᠤ ᠶᠢᠨ ᠪᠤᠯᠤᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ  ᠰᠤᠷᠤᠯᠭ᠎ᠠ ᠶᠢ ᠲᠡᠳᠬᠦᠬᠦ ᠠᠵᠢᠯᠯᠠᠭ᠎ᠠ︾ ᠮᠠᠨ ᠤ ᠬᠤᠰᠢᠭᠤᠨ ᠳᠤ ᠠᠮᠵᠢᠯᠲᠠ ᠲᠠᠢ ᠡᠬᠢᠯᠡᠪᠡ
ᠨᠡᠶᠢᠲᠡᠯᠡᠭᠰᠡᠨ ᠴᠠᠭ᠄
2024/8/18
      8 ᠰᠠᠷ᠎ᠠ ᠶᠢᠨ 17 ᠤ ᠡᠳᠦᠷ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ  ᠰᠤᠷᠤᠯᠭ᠎ᠠ ᠶᠢ ᠲᠡᠳᠬᠦᠬᠦ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠡᠨᠡ ᠪᠣᠯ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠲᠦᠷᠦ ᠶᠢᠨ ᠬᠠᠷᠢᠭᠤᠴᠠᠯᠭ᠎ᠠ᠂ ᠠᠵᠤ ᠠᠬᠤᠢ ᠶᠢᠨ ᠬᠠᠷᠢᠭᠤᠴᠠᠯᠭ᠎ᠠ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃       ᠪᠤᠭᠤᠲᠤ ᠬᠤᠲᠠ ᠶᠢᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠯᠠᠨ ᠸᠧᠶ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠮᠧᠩ ᠹᠠᠨ ᠶᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠡᠷᠡᠭ ᠮᠡᠳᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠰᠢᠤᠢ ᠶᠢᠩ ᠬᠤᠷᠠᠯ ᠡᠷᠭᠢᠯᠡᠵᠦ᠂ ᠺᠣᠮᠫᠠᠨᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠯᠢᠦ ᠫᠸᠢ ᠰᠢᠶᠦ᠋ᠨ ᠰᠤᠷᠤᠭᠴᠢᠳ ᠤᠨ ᠲᠥᠯᠥᠭᠡᠯᠡᠭᠴᠢ ᠳᠤ ᠰᠤᠷᠤᠯᠴᠠᠬᠤ ᠡᠳ᠋ ᠪᠣᠳᠠᠰ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠪᠠ᠃ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ᠂ ᠭᠦᠶᠡᠩ ᠰᠢᠶᠠᠨ ᠤ ᠬᠤᠯᠪᠣᠭᠳᠠᠯ ᠪᠥᠬᠦᠶ ᠤᠳᠤᠷᠢᠳᠤᠯᠭ᠎ᠠ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ᠂ ᠭᠦᠶᠡᠩ ᠰᠢᠶᠠᠨ ᠤ ᠰᠢᠯᠢᠳᠡᠭ ᠪᠠᠭᠰᠢ ᠪᠠ ᠰᠤᠷᠤᠭᠴᠢᠳ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠮᠧᠩ ᠹᠠᠨ ᠶᠢᠩ ᠬᠡᠯᠡᠭᠰᠡᠨ ᠨᠢ ᠂ ᠡᠨᠡ ᠵᠢᠯ ᠪᠣᠯ ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠪᠠᠶᠢᠭᠤᠯᠤᠭᠳᠠᠭᠰᠠᠨ 70 ᠵᠢᠯ ᠤᠨ ᠤᠢ ᠪᠣᠯᠣᠨ᠎ᠠ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠬᠤ︾ ᠠᠴᠠ ᠡᠬᠢᠯᠡᠨ᠂ ᠪᠤᠭᠤᠲᠤ ᠶᠢᠨ ᠪᠤᠯᠤᠳ ᠲᠡᠮᠤᠷ ᠤᠨ ᠪᠥᠯᠥᠭᠯᠡᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠂ ᠭᠦᠶᠡᠩ ᠰᠢᠶᠠᠨ ᠤ ᠠᠵᠤ ᠠᠬᠤᠶᠢᠯᠠᠯ ᠲᠦᠷᠪᠡᠨ ᠲᠠᠯ᠎ᠠ ᠪᠠᠷ ᠢᠶᠠᠨ ᠨᠢᠭᠲᠠ  ᠤᠶᠠᠯᠳᠤᠵᠤ᠂  ᠬᠠᠮᠲᠤᠪᠠᠷ ᠪᠤᠳᠤᠯᠢᠶᠠᠨᠲᠠᠢ ᠪᠠᠶᠢᠳᠠᠯ ᠢ ᠠᠷᠭᠠᠴᠠᠭᠠᠵᠤ᠂ ᠬᠠᠮᠲᠤᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠠᠮᠲᠤᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠦᠴᠦ ᠪᠠᠨ ᠬᠠᠮᠲᠤᠳᠬᠠᠨ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠬᠤ︾ ᠲᠡᠦᠬᠡ ᠶᠢᠨ ᠰᠠᠶᠢᠬᠠᠨ ᠶᠠᠷᠢᠶ᠎ᠠ ᠪᠣᠯᠤᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠳᠤ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠵᠡᠢ ᠭᠡᠵᠦ ᠬᠡᠯᠡᠪᠡ᠃ ᠰᠤᠷᠤᠭᠴᠢᠳ ᠢ ᠠᠯᠤᠰ ᠬᠡᠲᠦ ᠶᠢᠨ ᠬᠦᠰᠡᠯᠡᠩ ᠲᠠᠢ ᠪᠣᠯᠭᠠᠵᠤ᠂ ᠴᠢᠷᠮᠠᠶᠢᠨ ᠰᠤᠷᠤᠯᠴᠠᠵᠤ᠂ ᠲᠡᠭᠦᠰᠦᠭᠰᠡᠨ ᠤ ᠳᠠᠷᠠᠭ᠎ᠠ ᠢᠳᠡᠪᠬᠢᠲᠡᠶ ᠲᠠᠢ ᠪᠠᠷ ᠨᠡᠶᠢᠭᠡᠮ ᠳᠤ ᠠᠴᠢ ᠬᠠᠷᠢᠭᠤᠯᠵᠤ᠂ ᠨᠤᠲᠤᠭ ᠤᠰᠤ ᠪᠠᠨ ᠪᠥᠲᠥᠭᠡᠨ ᠪᠠᠶᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠶ᠃ ᠡᠭᠦᠨ ᠤ ᠬᠠᠮᠲᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ᠂ ᠭᠦᠶᠡᠩ ᠰᠢᠶᠠᠨ ᠤ ᠬᠢᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠲᠠᠢ ᠠᠭᠤᠰᠤᠯᠴᠠᠨ ᠬᠦᠭᠵᠢᠬᠦ ᠶᠢ ᠦᠷᠬᠦᠯᠵᠢᠯᠡᠨ ᠪᠡᠬᠡᠵᠢᠬᠦᠯᠦᠨ ᠬᠦᠨᠵᠡᠬᠡᠶᠢᠷᠡᠬᠦᠯᠵᠦ᠂ ︽ᠠᠵᠤ ᠠᠬᠤᠶᠢᠯᠠᠯ ᠭᠠᠵᠠᠷ ᠤᠷᠤᠨ︾ ᠬᠠᠮᠳᠤ ᠪᠠᠷ ᠠᠭᠤᠰᠤᠯᠴᠠᠭᠤᠯᠬᠤ᠂ ᠬᠠᠮᠲᠤᠪᠠᠷ ᠪᠦᠳᠦᠭᠡᠨ ᠪᠠᠶᠢᠭᠤᠯᠵᠤ ᠬᠠᠮᠳᠤ ᠪᠠᠷ ᠬᠦᠭᠵᠢᠭᠦ ᠶᠢ ᠠᠬᠢᠭᠤᠯᠵᠤ᠂ ᠬᠠᠷᠢᠯᠴᠠᠨ ᠬᠠᠶᠢᠷᠠᠯᠠᠯᠴᠠᠭᠰᠠᠨ ︽ᠶᠡᠭᠡ ᠭᠡᠷ ᠪᠦᠯᠢ︾ ᠶᠢ ᠬᠠᠮᠠᠭᠠᠯᠠᠨ  ᠪᠠᠶᠢᠭᠤᠯᠵᠤ᠂ ᠪᠤᠭᠤᠲᠤ ᠬᠤᠳᠠ᠂ ᠣᠨᠴᠠᠭᠠᠶᠢᠯᠠᠨ ᠠᠭᠤᠯᠠᠷᠬᠠᠭ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠵᠦ᠂  ᠲᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ  ᠭᠡᠪᠡ᠃         ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠤᠸᠠᠩ ᠯᠦᠩ ᠂ ᠣᠷᠳᠣ ᠬᠤᠭᠤᠴᠠᠭᠠᠨ ᠤ ᠲᠤᠷᠰᠢ᠂  ᠪᠤᠭᠤᠳᠤ ᠬᠤᠲᠠ ᠶᠢᠨ ᠨᠠᠮ ᠤᠨ ᠬᠤᠷᠢᠶ᠎ᠠ᠂  ᠪᠤᠭᠤᠳᠤ  ᠬᠤᠳᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠤᠯᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠪᠠᠶ᠋ᠬᠠᠤᠪᠤᠭ᠎ᠠ ᠠᠭᠤᠷᠬᠠᠶ ᠤᠨ  ᠲᠣᠭᠤᠷᠢᠭ᠂ ᠭᠦᠶᠡᠩ ᠰᠢᠶᠠᠨ ᠲᠠᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠮᠲᠤ ᠪᠠᠷ ᠴᠤᠬᠴᠠᠯᠠᠵᠦ᠂ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠰᠢᠯᠢᠳᠡᠭ ᠤᠯᠠᠮᠵᠢᠯᠠᠯ ᠢᠶᠠᠨ ᠪᠠᠷᠢᠮᠲᠠᠯᠠᠵᠤ᠂ ᠠᠭᠤᠯᠠᠷᠬᠠᠭ ᠣᠷᠣᠨ ᠤ ᠬᠠᠮᠵᠢᠯᠴᠠᠨ ᠬᠥᠭᠵᠢᠬᠦ ᠬᠠᠮᠲᠤ ᠶᠢᠨ ᠴᠣᠭᠴᠠ ᠶᠢᠨ ᠰᠢᠨ᠎ᠡ ᠬᠡᠪ ᠳᠠᠭᠤᠷᠢᠶᠠᠯ ᠢ ᠪᠣᠶ ᠪᠤᠯᠭᠠᠵᠤ᠂ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠨᠢ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ ᠡᠨᠡᠬᠦ ᠰᠠᠶᠢᠨ ᠰᠠᠶᠢᠬᠠᠨ ᠦᠢᠯᠡ ᠠᠵᠢᠯᠯᠠᠭ᠎ᠠ ᠶᠢ ᠤᠯᠠᠮᠵᠢᠯᠠᠭᠰᠠᠭᠠᠷ ᠂ ᠪᠠᠳᠠᠷᠠᠭᠤᠯᠤᠨ ᠳᠡᠯᠭᠡᠷᠡᠭᠦᠯᠦᠭᠰᠡᠭᠡᠷ ᠪᠠᠶᠢᠵᠤ᠂ ᠰᠢᠯᠢᠳᠡᠭ ᠠᠵᠤ ᠠᠬᠤᠶᠢᠯᠠᠯ ᠤᠨ ᠬᠠᠷᠢᠭᠤᠴᠠᠯᠭ᠎ᠠ ᠡᠭᠦᠷᠭᠡᠯᠡᠯ ᠪᠠ ᠡᠨᠡᠷᠢᠩᠭᠦᠢ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠦᠭᠰᠡᠭᠡᠷ ᠢᠷᠡᠵᠠᠢ ᠭᠡᠪᠡ᠃ ᠲᠤᠰ ᠤᠳᠠᠭᠠᠨ ᠤ ᠰᠤᠷᠤᠯᠭ᠎ᠠ ᠶᠢ ᠲᠡᠳᠬᠦᠬᠦ ᠠᠵᠢᠯᠯᠠᠭ᠎ᠠ ᠨᠢ ᠨᠢᠭᠡ ᠪᠦᠯᠦᠭ ᠬᠦᠴᠢᠷ ᠪᠡᠷᠬᠡᠰᠢᠶᠡᠯᠲᠡᠶ ᠰᠤᠷᠤᠭᠴᠢᠳ ᠤᠨ ᠲᠦᠢᠯ ᠤᠨ  ᠪᠠᠴᠢᠮ ᠲᠤᠯᠭᠠᠮ᠎ᠠ ᠪᠠᠶᠢᠳᠠᠯ ᠢ ᠰᠢᠢᠳᠪᠦᠷᠢᠯᠡᠵᠦ᠂ ᠲᠡᠳᠡᠨ ᠢ ᠵᠤᠷᠢᠭᠵᠢᠭᠤᠯᠵᠤ ᠠᠯᠤᠰ ᠬᠡᠳᠦ ᠶᠢᠨ ᠬᠦᠰᠡᠯᠡᠩ ᠲᠠᠢ ᠪᠤᠯᠭᠠᠨ᠂ ᠴᠠᠭ ᠦᠶ᠎ᠡ ᠶᠢᠨ ᠴᠢᠷᠮᠠᠶᠢᠯᠭ᠎ᠠ ᠲᠠᠢ ᠵᠠᠯᠠᠭᠤᠰ ᠪᠤᠯᠬᠤ ᠶᠢ  ᠵᠤᠷᠢᠭᠵᠢᠭᠤᠯᠪᠠ  ᠭᠡᠪᠡ᠃      ᠠᠵᠢᠯᠯᠠᠭ᠎ᠠ ᠶᠢᠨ ᠳᠤᠮᠳᠠ᠂ ᠰᠤᠷᠤᠭᠴᠢᠳ ᠤᠨ ᠲᠥᠯᠥᠭᠡᠯᠡᠭᠴᠢ ᠠᠴᠠ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠥᠮᠦᠰ ᠤᠨ ᠬᠠᠶᠢᠷ᠎ᠠ ᠬᠠᠯᠠᠮᠵᠢ ᠶᠢ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠪᠣᠯᠭᠠᠵᠤ᠂ ᠴᠢᠷᠮᠠᠶᠢᠨ ᠰᠤᠷᠤᠯᠴᠠᠨ ᠴᠢᠳᠠᠪᠤᠷᠢᠲᠠᠨ ᠪᠤᠯᠵᠤ᠂ ᠬᠦᠰᠡᠯ ᠡᠷᠡᠮᠡᠯᠵᠡᠯ ᠢᠶᠠᠨ ᠡᠪᠦᠷᠯᠡᠨ ᠨᠡᠩ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠨ᠎ᠠ ᠭᠡᠵᠦ ᠢᠯᠡᠳᠬᠡᠪᠡ᠃      ᠣᠶᠢᠯᠠᠭᠠᠭᠰᠠᠨ ᠢᠶᠠᠷ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠡᠨᠡ ᠵᠢᠯ ᠠᠴᠠ ᠡᠬᠢᠯᠡᠨ᠂ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ  ᠳᠤ ᠡᠯᠰᠡᠭᠳᠡᠭᠰᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ᠂ ᠭᠦᠶᠡᠩ ᠰᠢᠶᠠᠨ ᠤ ᠮᠠᠯᠴᠢᠨ ᠲᠠᠷᠢᠶᠠᠴᠢᠨ ᠤ ᠦᠷ᠎ᠡ ᠬᠡᠤᠬᠡᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠩᠭᠠᠨ᠎ᠠ᠃ ᠡᠨᠡ ᠵᠢᠯ ᠭᠤᠷᠪᠠᠨ ᠬᠤᠰᠢᠭᠤ ᠰᠢᠶᠠᠨ ᠲᠣᠭᠤᠷᠢᠭ ᠤᠨ ᠨᠥᠬᠦᠴᠡᠯ ᠳᠤ ᠨᠡᠶᠢᠴᠡᠬᠦ 800 ᠰᠢᠬᠠᠮ ᠮᠠᠯᠴᠢᠨ ᠲᠠᠷᠢᠶᠠᠴᠢᠨ ᠤ ᠦᠷ᠎ᠡ ᠬᠡᠤᠬᠡᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ  ᠤᠯᠭᠤᠭᠰᠠᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号