︽ᠬᠡᠦᠬᠡᠳ ᠪᠠᠭᠠᠴᠤᠳ ᠤᠨ ᠨᠢᠳᠦ ᠪᠠᠨ ᠬᠠᠶᠢᠷᠠᠯᠠᠵᠤ ᠬᠠᠮᠠᠭᠠᠯᠠᠬᠤ ᠠᠵᠢᠯᠯᠠᠭ᠎ᠠ︾ ᠪᠣᠯ ᠪᠥᠬᠦ ᠣᠷᠣᠨ ᠤ ︽ | ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠨᠢᠭᠡᠨ ᠪᠦᠷᠢᠯᠳᠦᠭᠦᠨ | ᠬᠡᠰᠡᠭ ᠪᠠᠶᠢᠵᠤ᠂ ᠣᠷᠣᠯᠭ᠎ᠠ ᠲᠤᠤᠷ᠎ᠠ ᠭᠡᠷ ᠪᠦᠯᠢ ᠶᠢᠨ ᠣᠶᠢᠷ᠎ᠠ ᠬᠠᠷᠠᠭ᠎ᠠ᠂ ᠬᠢᠯᠠᠷ ᠬᠠᠷᠠᠭ᠎ᠠ ᠲᠠᠢ ᠬᠡᠦᠬᠡᠳ | ᠪᠠᠭᠠᠴᠤᠳ ᠲᠤ ᠬᠡᠷᠡᠭᠵᠢᠭᠦᠯᠬᠦ ᠨᠢᠭᠡ ᠵᠦᠢᠯ ᠤᠨ ᠠᠷᠠᠳ ᠲᠤ ᠠᠰᠢᠭ ᠬᠦᠷᠲᠡᠭᠡᠵᠦ ᠬᠠᠪᠰᠤᠷᠤᠨ ᠲᠤᠰᠠᠯᠠᠬᠤ | ᠲᠥᠷᠥᠯ ᠵᠦᠢᠯ ᠪᠣᠯᠣᠨ᠎ᠠ᠃ | ᠨᠢᠭᠡ᠂ ᠣᠶᠢᠷ᠎ᠠ ᠬᠠᠷᠠᠭ᠎ᠠ ᠶᠢ ᠪᠠᠶᠢᠴᠠᠭᠠᠨ ᠰᠡᠷᠭᠡᠶᠢᠯᠡᠬᠦ ᠪᠠ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ | ᠲᠥᠷᠥᠯ ᠵᠦᠢᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠬᠦᠴᠢᠷᠳᠡᠯᠲᠡᠢ ᠭᠡᠷ ᠪᠦᠯᠢ ᠶᠢᠨ | 3 ~ 18 ᠨᠠᠰᠤᠨ ᠤ ᠣᠶᠢᠷ᠎ᠠ ᠬᠠᠷᠠᠭ᠎ᠠ᠂ ᠬᠢᠯᠠᠷ ᠬᠠᠷᠠᠭ᠎ᠠ ᠲᠠᠢ ᠬᠡᠦᠬᠡᠳ ᠪᠠᠭᠠᠴᠤᠳ ᠲᠤ ᠦᠨ᠎ᠡ ᠲᠥᠯᠥᠪᠦᠷᠢ | ᠦᠭᠡᠢ ᠪᠠᠷ ᠣᠶᠢᠷ᠎ᠠ ᠬᠠᠷᠠᠭ᠎ᠠ ᠶᠢ ᠵᠠᠰᠠᠬᠤ ᠰᠢᠯ ᠲᠠᠭᠠᠷᠠᠭᠤᠯᠤᠨ ᠥᠭᠴᠦ᠂ ᠰᠦᠢᠳᠬᠡᠯ ᠬᠤᠷᠢᠶᠠᠬᠤ ᠦᠭᠡᠢ ᠪᠠᠷ | ᠬᠢᠯᠠᠷ ᠵᠠᠯᠠᠷᠠᠭᠤᠯᠬᠤ ᠮᠡᠰᠡ ᠵᠠᠰᠠᠯ ᠬᠢᠵᠦ ᠦᠭᠪᠡ ᠃ | ᠬᠤᠶᠠᠷ᠂ ᠠᠪᠤᠷᠠᠨ ᠲᠤᠰᠠᠯᠠᠬᠤ ᠡᠲᠡᠭᠡᠳ ᠨᠢ ᠪᠤᠭᠤᠲᠤ ᠬᠤᠲᠠ ᠶᠢᠨ ᠡᠷᠦᠬᠡ ᠠᠮᠠ ᠲᠠᠢ ᠪᠥᠭᠡᠳ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠣᠷᠣᠯᠭ᠎ᠠ ᠲᠤᠤᠷ᠎ᠠ ᠬᠥᠮᠦᠨ ᠠᠮᠠ ᠶᠢᠨ ᠬᠥᠳᠡᠯᠦᠩᠭᠦᠶ ᠪᠠᠶᠢᠳᠠᠯ ᠢ | ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠳᠤ ᠨᠤᠲᠠᠯᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ | ᠬᠠᠪᠢᠳᠠᠭᠰᠠᠨ ᠬᠡᠷ ᠪᠦᠯᠢ᠂ ᠦᠨᠳᠦᠰᠦᠨ ᠵᠠᠷᠤᠯᠭ᠎ᠠ ᠬᠦᠴᠢᠷ ᠪᠠᠶᠢᠭ᠎ᠠ ᠬᠡᠷ ᠪᠦᠯᠢ᠂ ᠪᠤᠰᠤᠳ ᠬᠦᠴᠢᠷᠳᠡᠯᠲᠡᠶ | ᠡᠲᠡᠭᠡᠳ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠨᠤᠲᠠᠯᠠᠭᠰᠠᠨ ᠳᠠᠬᠢᠨ | ᠶᠠᠳᠠᠭᠤᠷᠠᠬᠤ ᠶᠢ ᠰᠡᠷᠬᠡᠶᠢᠯᠡᠬᠦ ᠬᠢᠨᠠᠨ ᠰᠢᠯᠭᠠᠬᠤ ᠡᠲᠡᠭᠡᠳ ᠤᠨ ᠬᠦᠴᠢᠷᠳᠡᠯᠲᠡᠶ ᠬᠡᠷ ᠪᠦᠯᠢ ᠶᠢᠨ ᠣᠶᠢᠷ᠎ᠠ ᠬᠠᠷᠠᠭ᠎ᠠ᠂ | ᠬᠢᠯᠠᠷ ᠬᠠᠷᠠᠭ᠎ᠠ ᠲᠠᠢ ᠬᠡᠤᠬᠡᠳ ᠪᠠᠭᠠᠴᠤᠳ ᠪᠤᠯᠤᠨ᠎ᠠ᠃ | ᠭᠤᠷᠪᠠ᠂ ᠠᠪᠤᠷᠠᠨ ᠲᠤᠰᠠᠯᠠᠬᠤ ᠪᠠᠷᠢᠮᠵᠢᠶ᠎ᠠ ᠨᠢ ᠬᠦᠴᠢᠷᠳᠡᠯᠲᠡᠶ ᠬᠡᠷ ᠪᠦᠯᠢ ᠶᠢᠨ ᠬᠡᠤᠬᠡᠳ ᠪᠠᠭᠠᠴᠤᠳ ᠲᠤ | ᠨᠢᠳᠦᠨ ᠰᠢᠯ ᠲᠠᠭᠠᠷᠠᠭᠤᠯᠵᠤ᠂ ᠠᠪᠤᠷᠠᠨ ᠲᠤᠰᠠᠯᠠᠬᠤ ᠪᠠᠷᠢᠮᠵᠢᠶ᠎ᠠ ᠨᠢ ᠳᠡᠭᠡᠳᠦ ᠬᠢᠵᠠᠭᠠᠷ ᠲᠤ 500 ᠲᠥᠭᠦᠷᠢᠭ | ᠪᠠᠶᠢᠵᠤ᠂ 500 ᠲᠥᠭᠦᠷᠢᠭ ᠬᠦᠷᠬᠦ ᠥᠬᠡᠶ ᠪᠣᠯ ᠪᠣᠳᠠᠲᠠᠶ ᠪᠠᠷ ᠲᠠᠩᠰᠠ ᠳᠡᠶᠢᠯᠵᠦ᠂ ᠰᠢᠯ ᠲᠠᠭᠠᠷᠠᠭᠤᠯᠬᠤ | ᠴᠢᠬᠤᠯᠠᠲᠠᠶ ᠬᠡᠤᠬᠡᠳ ᠪᠠᠭᠠᠴᠤᠳ ᠲᠤ ᠲᠤᠬᠠᠶ ᠶᠢᠨ ᠭᠠᠵᠠᠷ ᠤᠨ ᠵᠢᠩᠬᠢᠨᠢ ᠨᠢᠳᠦᠨ ᠤ ᠡᠮᠨᠡᠯᠭᠡ ᠶᠢᠨ ᠪᠠᠶᠢᠭᠤᠯᠤᠮᠵᠢ | ᠪᠤᠶᠤ ᠨᠢᠳᠦᠨ ᠰᠢᠯ ᠤᠨ ᠳᠡᠯᠭᠡᠭᠦᠷ ᠲᠤ ᠣᠶᠢᠷ᠎ᠠ ᠬᠠᠷᠠᠭᠠᠨ ᠤ ᠰᠢᠯ ᠲᠠᠭᠠᠷᠠᠭᠤᠯᠵᠤ ᠪᠣᠯᠤᠨ᠎ᠠ᠃ ᠬᠢᠯᠠᠷ ᠬᠠᠷᠠᠭ᠎ᠠ | ᠵᠠᠯᠠᠷᠠᠭᠤᠯᠬᠤ ᠮᠡᠰᠡ ᠵᠠᠰᠠᠯ ᠤᠨ ᠬᠥᠮᠦᠨ ᠪᠦᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ ᠪᠣᠯ ᠳᠡᠭᠡᠳᠦ ᠬᠢᠵᠠᠭᠠᠷ | 4000 ᠲᠥᠭᠦᠷᠢᠭ ᠪᠠᠶᠢᠵᠤ᠂ 4000 ᠲᠥᠭᠦᠷᠢᠭ ᠬᠦᠷᠬᠦ ᠦᠭᠡᠶ ᠪᠣᠯ ᠪᠣᠳᠠᠲᠠᠶ ᠳᠠᠩᠰᠠ ᠲᠠᠶᠢᠯᠬᠤ ᠬᠡᠷᠡᠭᠲᠡᠶ᠃ | ᠨᠢᠳᠦᠨ ᠰᠢᠯ ᠲᠠᠭᠠᠷᠠᠭᠤᠯᠬᠤ᠂ ᠬᠢᠯᠠᠷ ᠬᠠᠷᠠᠭ᠎ᠠ ᠵᠠᠯᠠᠷᠠᠭᠤᠯᠬᠤ ᠬᠥᠮᠦᠨ ᠪᠦᠷᠢ ᠨᠢᠭᠡ ᠯᠡ ᠤᠳᠠᠭ᠎ᠠ ᠶᠢᠨ ᠠᠪᠤᠷᠠᠨ | ᠲᠤᠰᠠᠯᠠᠯᠲᠠ ᠶᠢ ᠬᠦᠷᠲᠡᠨ᠎ᠡ᠃ |