ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠦᠨᠳᠦᠰᠦᠲᠡᠨ ᠤ ᠪᠦᠯᠬᠦᠮᠳᠡᠯ ᠤᠨ ᠴᠡᠴᠡᠭ  ᠢ ᠤᠮᠠᠷᠠᠲᠤ ᠬᠢᠯᠢ ᠶᠢᠨ ᠲᠠᠯ᠎ᠠ ᠨᠤᠲᠤᠭ ᠲᠤ ᠲᠡᠯᠭᠡᠷᠡᠬᠦᠯᠪᠡ
ᠨᠡᠶᠢᠲᠡᠯᠡᠭᠰᠡᠨ ᠴᠠᠭ᠄
2024/8/19
      ᠦᠳᠡᠰᠢ ᠶᠢᠨ ᠪᠦᠷᠦᠢ ᠲᠠᠰᠤᠷᠠᠬᠤ ᠦᠶ᠎ᠡ  ᠪᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠠᠭᠤᠳᠠᠮ ᠲᠠᠯᠠᠪᠠᠢ ᠳᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠠᠳᠡ ᠰᠡᠯᠡᠭᠦᠴᠡᠨ ᠪᠡᠶ᠎ᠡ ᠪᠠᠨ ᠪᠤᠯᠪᠠᠰᠤᠷᠠᠭᠤᠯᠤᠨ᠂ ᠵᠤᠭ᠎ᠠ ᠴᠡᠩᠭᠡᠯ ᠤᠨ ᠵᠤᠭᠤᠭ ᠲᠡᠯᠭᠡᠨ᠂ ᠦᠨᠳᠦᠰᠦᠲᠡᠨ ᠨᠦᠭᠦᠳ ᠪᠦᠯᠬᠦᠮᠳᠡᠯ ᠲᠠᠢ᠂ ᠡᠶ᠎ᠡ ᠵᠣᠬᠢᠴᠠᠯ ᠲᠠᠢ ᠥᠭᠡᠳᠡᠯᠡᠨ ᠲᠠᠪᠰᠢᠬᠤ ᠠᠭᠤᠷ ᠠᠮᠢᠰᠬᠤᠯ ᠢᠶᠠᠷ ᠪᠢᠯᠬᠠᠨ᠎ᠠ︔ ᠲᠤᠯᠠᠭᠠᠨ ᠭᠡᠷ ᠨᠡᠶᠢᠭᠡᠮ ᠲᠣᠭᠤᠷᠢᠭ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠷᠢᠶ᠎ᠠ ᠯᠣᠽᠦ᠋ᠩ ᠪᠣᠯᠤᠨ ᠤᠬᠠᠭᠤᠯᠭ᠎ᠠ ᠶᠢᠨ ᠵᠢᠷᠤᠭ ᠭᠠᠵᠠᠷ ᠪᠣᠯᠭᠠᠨ ᠳᠤ ᠬᠠᠷᠠᠭᠳᠠᠨ᠎ᠠ᠃ ᠠᠳᠠᠯᠢ ᠪᠤᠰᠤ ᠦᠨᠳᠦᠰᠦᠲᠡᠨ ᠤ ᠰᠠᠭᠤᠭᠠᠯᠢ ᠠᠷᠠᠳ ᠨᠢᠭᠡ ᠭᠡᠷ ᠤᠨ ᠬᠦᠮᠦᠨ ᠰᠢᠭ ᠡᠶ᠎ᠡ ᠵᠣᠬᠢᠴᠠᠯ ᠲᠠᠢ᠂ ᠬᠠᠮᠲᠤ ᠪᠠᠷ ᠬᠠᠯᠠᠭᠤᠨ ᠳᠤᠯᠠᠭᠠᠨ ᠠᠮᠢᠳᠤᠷᠠᠯ ᠤᠨ ᠣᠷᠴᠢᠨ ᠲᠣᠭᠤᠷᠢᠨ ᠢ  ᠪᠤᠢ ᠪᠣᠯᠭᠠᠪᠠ᠃ ᠮᠠᠯᠵᠢᠬᠤ ᠲᠠᠷᠢᠶᠠᠯᠠᠬᠤ ᠣᠷᠣᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠮᠢᠳᠤᠷᠠᠯ ᠳᠤ ᠡᠬᠦᠰᠦᠭᠰᠡᠨ ᠪᠠᠶᠠᠷᠯᠠᠭᠤᠰᠢᠲᠠᠢ ᠬᠤᠪᠢᠷᠠᠯᠲᠠ ᠶᠢ ᠮᠡᠳᠡᠷᠡᠵᠦ᠂ ᠴᠢᠷᠠᠢ ᠳᠤ ᠨᠢ ᠢᠷᠡᠭᠡᠳᠦᠢ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠲᠣᠳᠣᠷᠠᠪᠠ᠃    ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠪᠣᠯ ᠡᠬᠡ ᠤᠯᠤᠰ ᠤᠨ ᠤᠮᠠᠷᠠᠲᠤ ᠣᠷᠣᠨ ᠳᠤ ᠪᠠᠶᠢᠷᠢᠯᠠᠵᠤ᠂ ᠠᠳᠡᠬᠢ ᠤᠰᠤ ᠪᠡᠯᠴᠢᠭᠡᠷ ᠰᠠᠶᠢᠨ ᠂ ᠡᠳ᠋ ᠭᠠᠷᠤᠯᠲᠠ ᠡᠯᠪᠡᠭ ᠪᠠᠶᠠᠯᠢᠭ᠂ ᠮᠠᠯ ᠰᠦᠷᠦᠭ  ᠬᠦᠴᠦ ᠲᠠᠷᠭᠤ ᠲᠠᠢ᠂ ᠠᠮᠤᠷ ᠲᠣᠭᠲᠠᠭᠤᠨ ᠡᠶ᠎ᠡ ᠵᠣᠬᠢᠴᠠᠩᠭᠤᠢ ᠂ ᠴᠢᠬᠤᠯᠠ ᠪᠣᠬᠢᠷᠲᠤᠯ ᠦᠭᠡᠢ ᠮᠠᠯ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠪᠦᠭᠡᠳ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠨ᠎ᠠ᠂ ᠮᠥᠨᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠮᠠᠭᠲᠠᠭᠠᠯ ᠳᠠᠭᠤᠤ ᠶᠢ ᠪᠢᠴᠢᠭᠯᠡᠭᠰᠡᠨ ᠭᠠᠵᠠᠷ ᠪᠣᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ᠂ ᠬᠢᠲᠠᠳ᠂ ᠮᠣᠩᠭᠤᠯ᠂ ᠬᠤᠲᠣᠩ᠂ ᠮᠠᠨᠵᠤ᠂ ᠲᠤᠵᠢᠶᠠ ᠵᠡᠷᠭᠡ 12 ᠦᠨᠳᠦᠰᠦᠲᠡᠨ ᠤ ᠣᠯᠠᠨ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠪᠡ᠃    ᠳᠤᠯᠠᠭᠠᠨ ᠭᠡᠷ ᠨᠡᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠭ ᠲᠤ᠂ ᠫᠢᠩᠫᠠᠩ ᠪᠥᠮᠪᠦᠭᠡ ᠶᠢᠨ ᠰᠢᠷᠡᠭᠡᠨ ᠤ ᠡᠮᠦᠨ᠎ᠡ᠂ ᠲᠤᠷ᠎ᠠ ᠪᠠᠭ᠋ᠠᠳᠠᠳ ᠶᠠᠭ ᠪᠥᠮᠪᠦᠭᠡᠨ ᠮᠡᠷᠭᠡᠵᠢᠯ ᠢᠶᠠᠨ ᠰᠤᠯᠢᠯᠴᠠᠨ ᠵᠦᠪᠳᠡᠵᠤ᠂ ᠤᠷᠤᠯᠳᠤᠭᠠᠨ  ᠳᠤ ᠤᠷᠤᠯᠴᠠᠭᠰᠠᠳ ᠬᠤᠷᠴᠠ ᠰᠢᠷᠦᠬᠦᠨ ᠤᠷᠤᠯᠳᠤᠨ ᠮᠦᠷᠦᠶᠢᠴᠡᠵᠦ᠂  ᠤᠷᠤᠯᠳᠤᠭᠠᠨ ᠰᠤᠨᠢᠷᠬᠠᠬᠰᠠᠨ ᠣᠯᠠᠨ ᠲᠦᠮᠡᠨ ᠪᠦᠬᠦ ᠠᠩᠬᠠᠷᠤᠯ ᠢᠶᠠᠨ ᠬᠠᠨᠳᠤᠭᠤᠯᠵᠤ᠂  ᠵᠠᠷᠢᠮ ᠳᠤ ᠪᠠᠨ ᠠᠯᠠᠭ᠎ᠠ ᠲᠠᠰᠢᠯᠳᠠ ᠶᠢᠨ ᠲᠠᠭᠤᠨ ᠨᠢᠵᠬᠢᠨᠡᠨ᠎ᠡ᠃ ᠨᠥᠭᠦᠭᠡ ᠲᠠᠯ᠎ᠠ  ᠳᠤᠨᠢ᠂ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠠᠩᠭᠢ ᠴᠤ ᠶᠠᠭᠠᠷᠠᠯᠲᠠᠶ ᠪᠠᠶᠢᠵᠤ᠂ ᠣᠯᠠᠨ ᠢᠶᠠᠷ ᠢᠶᠠᠨ ᠴᠤᠭ ᠵᠢᠪᠬᠤᠭ᠎ᠠ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠤᠯᠪᠠᠰᠤᠷᠠᠯ ᠬᠢᠨ᠎ᠡ᠃  ᠤᠷᠠᠯᠢᠭ ᠤᠨ ᠭᠡᠰᠢᠭᠦᠳ ᠪᠣᠯ ᠴᠥᠮ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠲᠤ ᠳᠤᠷ᠎ᠠ ᠪᠠᠭ᠋ᠠᠲᠠᠶ  ᠬᠦᠮᠦᠰ ᠪᠠᠶᠢᠵᠤ᠂ ᠤᠳᠬ᠎ᠠ ᠤᠷᠠᠯᠢᠭ ᠤᠨ ᠠᠩᠭᠢ ᠶᠢᠨ ᠵᠣᠬᠢᠶᠠᠨ ᠪᠠᠶᠢᠭᠤᠯᠤᠯᠲᠠ ᠨᠢ ᠰᠠᠭᠤᠭᠠᠯᠢ ᠠᠷᠠᠳ ᠤᠨ ᠬᠤᠭᠤᠷᠣᠨᠳᠣᠬᠢ ᠨᠥᠬᠦᠷᠯᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠶᠢ ᠨᠡᠮᠡᠭᠳᠡᠭᠦᠯᠦᠭᠰᠡᠨ ᠪᠠᠶᠢᠨ᠎ᠠ᠃      ᠦᠨᠳᠦᠰᠦᠲᠡᠨ ᠨᠦᠭᠦᠳ ᠪᠦᠯᠬᠦᠮᠳᠡᠵᠦ ᠪᠦᠬᠦᠳᠡᠭᠡᠷ  ᠬᠠᠯᠠᠭᠤᠨ ᠳᠣᠲᠣᠨᠣ᠂ ᠵᠣᠯ  ᠵᠢᠷᠭᠠᠯ ᠡᠶ᠎ᠡ ᠵᠣᠬᠢᠴᠠᠯ ᠲᠠᠢ ᠭᠡᠷ ᠪᠦᠯᠢ  ᠰᠠᠶᠢᠬᠠᠨ᠃ ᠳᠤᠯᠠᠭᠠᠨ ᠬᠡᠷ  ᠨᠡᠶᠢᠭᠡᠮ ᠲᠤᠭᠤᠷᠢᠭ ᠲᠤ᠂ ᠤᠯᠠᠨ ᠠᠷᠪᠢᠨ ᠠᠳᠠᠯᠢ ᠪᠤᠰᠤ ᠦᠨᠳᠦᠰᠦᠳᠠᠨ ᠢᠶᠠᠷ ᠪᠦᠷᠢᠯᠳᠦᠭᠰᠡᠨ ᠬᠡᠷ ᠪᠦᠯᠢ ᠰᠠᠭᠤᠷᠢᠰᠢᠵᠦ  ᠶᠠᠭ ᠰᠠᠶᠢᠬᠠᠨ ᠦᠨᠳᠤᠰᠤᠳᠠᠨ ᠤ ᠪᠦᠯᠬᠦᠮᠳᠠᠯ ᠤᠨ ᠦᠯᠢᠬᠡᠷ ᠢ ᠠᠮᠢᠳᠤᠯᠢᠭ ᠢᠶᠠᠷ  ᠲᠡᠯᠭᠡᠨ ᠦᠵᠡᠬᠦᠯᠪᠡ᠃ ᠴᠤᠯᠮᠤᠨ ᠪᠤᠯᠤᠨ ᠸᠠᠩ ᠯᠢ ᠵᠢᠦᠸᠠᠨ ᠪᠤᠯ ᠮᠤᠩᠭᠤᠯ ᠬᠢᠳᠠᠳ ᠬᠤᠶᠠᠷ ᠦᠨᠳᠦᠰᠦᠳᠡᠨ ᠤ ᠨᠢᠭᠡᠳᠦᠭᠰᠡᠨ ᠬᠡᠷ ᠪᠦᠯᠢ ᠪᠦᠭᠡᠳ ᠡᠶ᠎ᠡ ᠡᠪ ᠲᠠᠢ ᠰᠠᠶᠢᠬᠠᠨ ᠠᠮᠢᠳᠤᠷᠠᠵᠤ ᠪᠠᠶᠢᠨ᠎ᠠ᠃ ᠡᠷ᠎ᠡ ᠨᠥᠬᠦᠷ ᠴᠤᠯᠮᠤᠨ᠄ ︽ᠤᠳᠤ ᠠᠮᠢᠳᠤᠷᠠᠯ ᠤᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠬᠥᠷᠰᠢ ᠵᠡᠷᠭᠡᠯᠡᠳᠡᠭᠡ ᠶᠢᠨ ᠬᠢᠨ ᠮᠠᠰᠢ ᠡᠶ᠎ᠡ ᠨᠠᠶᠢᠷᠲᠠᠢ ᠪᠣᠯᠵᠤ᠂ ᠨᠡᠶᠢᠭᠡᠮ ᠲᠣᠭᠤᠷᠢᠭ ᠴᠤ ᠦᠷᠭᠦᠯᠵᠢ ᠡᠯ᠎ᠡ ᠦᠨᠳᠦᠰᠦᠲᠡᠨ ᠤ ᠠᠭᠤᠰᠤᠯᠴᠠᠯ ᠢ ᠠᠬᠢᠭᠤᠯᠬᠤ ᠠᠵᠢᠯᠯᠠᠭ᠎ᠠ ᠦᠷᠨᠢᠬᠦᠯᠵᠦ᠂ ᠡᠳᠡᠭᠡᠷ ᠠᠵᠢᠯᠯᠠᠭ᠎ᠠ ᠨᠢ ᠮᠠᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠ ᠲᠡᠪᠡᠷᠢᠵᠦ ᠪᠠᠶᠢᠬᠤ ᠶᠢ ᠪᠢᠳᠡᠨ ᠳᠤ ᠭᠦᠨᠵᠡᠭᠡᠢ ᠮᠡᠳᠡᠷᠡᠭᠦᠯᠪᠡ︾ ᠭᠡᠵᠦ ᠬᠡᠯᠡᠪᠡ᠃     ᠲᠤᠯᠠᠭᠠᠨ ᠭᠡᠷ ᠨᠡᠶᠢᠬᠡᠮ ᠲᠤᠭᠤᠷᠢᠭ ᠤᠨ  ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠭᠰᠡᠨ ᠰᠠᠶᠢᠨ ᠰᠠᠶᠢᠬᠠᠨ ᠪᠠᠶᠢᠳᠠᠯ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠬᠤᠷᠢᠶᠠᠩᠭᠤᠶ ᠳᠦᠷᠰᠦ  ᠪᠤᠯᠤᠨ᠎ᠠ᠃  ᠲᠤᠯᠠᠭᠠᠨ ᠭᠡᠷ ᠨᠡᠶᠢᠭᠡᠮ ᠲᠣᠭᠤᠷᠢᠭ ᠤᠨ ᠱᠦᠵᠢ  ᠰᠡᠯᠡᠩᠭᠡ ᠄ ︽ᠮᠠᠨ ᠤ ᠨᠡᠶᠢᠭᠡᠮ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 3640 ᠡᠷᠦᠬᠡ᠂ ᠨᠡᠶᠢᠲᠡ 6916 ᠬᠥᠮᠦᠨ ᠠᠮᠠ ᠲᠠᠢ᠂ ᠮᠦᠨ ᠴᠤ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠶᠢᠭᠡᠮ ᠲᠣᠭᠤᠷᠢᠭ  ᠪᠤᠯᠤᠨ᠎ᠠ᠂ ᠬᠠᠷᠢᠶᠠᠲᠤ ᠣᠷᠣᠨ ᠳᠤ ᠨᠡᠶᠢᠲᠡ 12 ᠦᠨᠳᠦᠰᠦᠲᠡᠨ ᠲᠠᠢ᠂ ᠠᠳᠠᠯᠢ ᠪᠤᠰᠤ ᠦᠨᠳᠦᠰᠦᠲᠡᠨ ᠲᠠᠢ ᠬᠠᠮᠲᠤ ᠤᠷᠤᠭᠯᠠᠭᠰᠠᠨ ᠬᠡᠷ ᠪᠦᠯᠢ 185 ᠡᠷᠦᠬᠡ ᠪᠣᠶ᠃ ᠨᠡᠶᠢᠭᠡᠮ ᠲᠣᠭᠤᠷᠢᠭ ᠨᠢ ︿ᠦᠨᠳᠦᠰᠦᠲᠡᠨ ᠤ ᠪᠦᠯᠬᠦᠮᠳᠡᠯ ᠤᠨ ᠬᠡᠯᠪᠡᠷᠢ﹀ ᠶᠢᠨ ᠭᠤᠣᠯ ᠰᠡᠳᠦᠪᠲᠦ ᠰᠣᠶᠣᠯ ᠢᠶᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ︿1241﹀  ᠶᠢᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠦ᠂ ᠬᠠᠷᠢᠯᠴᠠᠨ ᠰᠢᠭᠢᠳᠬᠦ  ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠤᠭᠴᠠᠯᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠴᠡᠩᠭᠡᠯᠳᠦᠬᠦ  ᠨᠡᠶᠢᠭᠡᠮ ᠤᠨ ᠨᠥᠬᠦᠴᠡᠯ ᠢ ᠡᠭᠦᠳᠴᠦ᠂ ᠳᠤᠯᠠᠭᠠᠨ ᠭᠡᠷ ᠨᠡᠶᠢᠭᠡᠮ ᠲᠤᠭᠤᠷᠢᠭ ᠤᠨ ᠬᠠᠯᠠᠭᠤᠨ ᠪᠦᠯᠢᠶᠡᠨ ᠭᠡᠷ ᠪᠦᠯᠢ ᠶᠢ ᠴᠤᠭᠴᠠᠯᠠᠪᠠ︾ ᠭᠡᠵᠦ ᠬᠡᠯᠡᠪᠡ᠃     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ᠂ ᠦᠨᠳᠦᠰᠦᠲᠡᠨ ᠤ ᠪᠦᠯᠬᠦᠮᠳᠡᠯ ᠤᠨ ᠲᠤᠬᠠᠢ ᠦᠯᠢᠭᠡᠷ ᠵᠢᠱᠢᠶ᠎ᠡ ᠠᠨᠠᠷ ᠤᠨ ᠦᠷ᠎ᠡ ᠰᠢᠭ ᠤᠯᠠᠨ ᠪᠠᠶᠢᠵᠤ᠂ ᠦᠨᠳᠦᠰᠦᠲᠡᠨ ᠤ ᠪᠦᠯᠬᠦᠮᠳᠡᠯ ᠨᠢᠭᠡᠨᠲᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠶᠠᠵᠢᠨ ᠴᠢᠨᠡᠭᠡᠯᠢᠭᠵᠢᠯ ᠤᠨ ︽ᠡᠷᠳᠡᠨᠢ︾ ᠪᠣᠯᠤᠭᠰᠠᠨ ᠪᠠᠶᠢᠨ᠎ᠠ᠃       ᠰᠢᠪᠠᠷᠬᠦᠷᠢᠶ᠎ᠡ ᠪᠠᠯᠭᠠᠰᠤ ᠶᠢᠨ ᠤᠮᠠᠷᠠᠳᠤ ᠤᠷᠤᠨ ᠤ ᠬᠠᠶᠢᠷ᠎ᠠ ᠬᠠᠯᠠᠮᠵᠢ ᠶᠢᠨ ᠴᠠᠭᠠᠨ ᠢᠳᠡᠭᠡᠨ ᠤ ᠳᠡᠯᠭᠡᠭᠦᠷ ᠲᠤ ᠬᠦᠷᠬᠦ ᠳᠤ᠂ ᠳᠡᠯᠭᠡᠭᠦᠷ ᠲᠤ ᠡᠯ᠎ᠡ ᠵᠦᠢᠯ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠨᠴᠠ ᠭᠠᠷᠤᠯᠲᠠ ᠶᠢᠨ ᠲᠠᠸᠠᠷ ᠢ ᠳᠦᠭᠦᠷᠲᠡᠯ᠎ᠡ ᠲᠡᠷᠢ ᠲᠡᠭᠰᠢ ᠦᠷᠦᠵᠦ ᠪᠠᠶᠢᠪᠠ᠃ ᠲᠡᠯᠬᠡᠬᠦᠷ ᠤᠨ ᠡᠵᠡᠭᠲᠡᠢ ᠰᠦᠨ ᠽᠢ ᠮᠧ ᠡᠯ ᠾᠥᠸᠧ ᠄ ︽  ᠰᠠᠶᠢᠨ ᠤᠤ᠂ ᠲᠠ ᠶᠠᠭᠤ ᠰᠤᠩᠭᠤᠬᠤ  ᠪᠠᠨ ᠦᠵᠡᠭᠡᠷᠠᠢ᠂ ᠠᠭᠠᠷᠤᠤᠯ᠂ ᠥᠷᠥᠮ᠎ᠡ ᠪᠥᠷ  ᠦᠪᠡᠷ ᠢᠶᠠᠨ ᠬᠢᠭᠰᠡᠨ ᠶᠤᠮ︾ ᠬᠡᠵᠦ ᠤᠷᠤᠰᠤᠮ᠎ᠠ ᠰᠠᠶᠢᠬᠠᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ  ᠤ ᠨᠤᠲᠤᠭ ᠤᠨ ᠠᠶᠠᠯᠭᠤ ᠪᠠᠷ ᠵᠣᠴᠢᠨ ᠳᠤ ᠲᠠᠸᠠᠷ ᠢᠶᠠᠨ ᠲᠠᠨᠢᠯᠴᠠᠭᠤᠯᠪᠠ᠂ ᠰᠦᠨ ᠽᠢ ᠮᠧ ᠡᠯ ᠾᠥᠸᠧ ᠪᠤᠯ ᠰᠧᠴᠤᠸᠠᠨ ᠤ ᠳ᠋ᠠ ᠯᠢᠶᠠᠩ ᠱᠠᠨ ᠠᠴᠠ ᠢᠷᠡᠭᠰᠡᠨ ᠢ ᠦᠨᠳᠦᠰᠦᠲᠡᠨ ᠤ ᠥᠬᠢᠨ ᠪᠠᠶᠢᠭᠰᠠᠨ ᠢ ᠲᠥᠰᠦᠭᠡᠯᠡᠬᠦᠶ᠎ᠡ ᠪᠡᠷᠬᠡ ᠪᠠᠶᠢᠯ᠎ᠠ᠃     ᠠᠷᠪᠠ ᠶᠢᠰᠦᠨ ᠵᠢᠯ ᠤᠨ ᠡᠮᠦᠨ᠎ᠡ ᠢ ᠦᠨᠳᠦᠰᠦᠲᠡᠨ ᠤ ᠦᠬᠢᠨ ᠰᠦᠨ ᠽᠢ ᠮᠧ ᠡᠯ ᠾᠥᠸᠧ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ  ᠳᠤ ᠢᠷᠡᠵᠦ ᠂  ᠠᠳᠡᠬᠢ ᠥᠷᠭᠡᠨ ᠠᠭᠤᠳᠠᠮ ᠲᠠᠯ᠎ᠠ ᠨᠤᠲᠤᠭ  ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠤᠯᠵᠤ ᠡᠨᠡ ᠨᠤᠳᠤᠭ ᠲᠤ ᠦᠯᠡᠳᠡᠵᠡᠢ᠃ ᠠᠳᠡ ᠲᠡᠷᠡ ᠭᠡᠷ ᠪᠥᠯᠢ  ᠪᠠᠶᠢᠭᠤᠯᠤᠭᠰᠠᠨ ᠢᠶᠠᠷ ᠪᠠᠷᠠᠬᠤ ᠦᠭᠡᠢ ᠪᠠᠰᠠ ᠠᠵᠢᠯ ᠦᠢᠯᠡᠰ ᠢᠶᠠᠨ ᠪᠥᠲᠥᠭᠡᠵᠡᠢ᠃ ᠲᠡᠭᠦᠨ ᠤ ᠡᠵᠡᠩᠨᠡᠵᠦ ᠪᠠᠶᠢᠭ᠎ᠠ ᠣᠨᠴᠠ ᠭᠠᠷᠤᠯᠲᠠ ᠬᠤᠳᠠᠯᠳᠤᠳᠠᠭ ᠲᠡᠯᠭᠡᠬᠦᠷ ᠲᠤ ᠠᠭᠠᠷᠤᠤᠯ᠂ ᠪᠢᠰᠢᠯᠠᠭ᠂ ᠥᠷᠥᠮ᠎ᠡ ᠴᠥᠮ  ᠦᠪᠡᠷ ᠢᠶᠠᠨ ᠬᠢᠭᠰᠡᠨ ᠶᠤᠮ᠃ ᠬᠠᠮᠤᠭ ᠠᠩᠬ᠎ᠠ ᠳᠠᠩ ᠭᠠᠭᠴᠠ ᠪᠡᠯᠡᠨ ᠤᠨᠴᠠ ᠭᠠᠷᠤᠯᠳᠠ ᠶᠢᠨ ᠲᠠᠸᠠᠷ ᠬᠤᠳᠠᠯᠳᠤᠬᠤ ᠠᠴᠠ ᠡᠬᠢᠯᠡᠭᠡᠳ ᠣᠳᠣ ᠪᠤᠯᠬᠤ ᠳᠤ ᠦᠪᠡᠷ ᠢᠶᠠᠨ  ᠴᠠᠭᠠᠨ ᠢᠳᠡᠭᠡ ᠪᠣᠯᠪᠠᠰᠤᠷᠠᠩᠭᠤᠶ ᠬᠢᠵᠦ ᠪᠠᠶᠢᠨ᠎ᠠ᠂  ᠰᠦᠨ ᠽᠢ ᠮᠧ ᠡᠯ ᠾᠥᠸᠧ ᠶᠠᠭᠤ ᠴᠦ ᠮᠡᠳᠡᠬᠦ ᠦᠭᠡᠢ ᠪᠠᠶᠢᠭᠰᠠᠨ ᠠᠴᠠ ᠪᠠᠨ ᠠᠭᠠᠵᠢᠮ ᠢᠶᠠᠷ ᠥᠪᠡᠷ ᠢᠶᠠᠨ ᠡᠨᠡ ᠲᠠᠯ᠎ᠠ ᠶᠢᠨ ︽ᠲᠤᠰᠬᠠᠶ ᠮᠡᠷᠭᠡᠵᠢᠯᠲᠡᠨ︾ ᠪᠣᠯᠵᠠᠶ᠃ ᠣᠳᠣᠬᠠᠨ ᠳᠤ ᠲᠡᠭᠦᠨ ᠤ ᠴᠠᠭᠠᠨ ᠢᠳᠡᠭᠡᠨ ᠤ ᠦᠢᠯᠡᠰ ᠶᠠᠪᠤᠬᠤ ᠳᠣᠳᠥᠮ ᠰᠠᠶᠢᠵᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠢᠶᠠᠯ ᠢᠶᠠᠷ᠂ ᠰᠦᠨ ᠽᠢ ᠮᠧ ᠡᠯ ᠾᠦᠸᠧ ︽ᠠᠮᠤᠭᠤᠯᠠᠩ ᠴᠠᠭᠠᠨ ᠢᠳᠡᠭᠡ︾ ᠶᠢᠨ ᠲᠠᠸᠠᠷ ᠤᠨ ᠲᠡᠮᠳᠡᠭ ᠢ ᠳᠠᠩᠰᠠᠯᠠᠭᠤᠯᠵᠠᠢ᠃ ᠤᠷ᠎ᠠ ᠮᠡᠷᠭᠡᠵᠢᠯ ᠤᠨ ᠤᠯᠠᠮᠵᠢᠯᠠᠯ᠂ ᠣᠷᠴᠢᠨ ᠲᠣᠭᠤᠷᠢᠨ ᠤ ᠠᠷᠢᠭᠤᠨ ᠴᠡᠪᠡᠷ᠂ ᠲᠦᠭᠦᠬᠡᠶ ᠮᠠᠲ᠋ᠧᠷᠢᠶᠠᠯ  ᠤᠨ ᠴᠡᠪᠡᠷ ᠴᠢᠨᠠᠷ᠂ ᠦᠨᠦᠷ ᠠᠮᠲᠠ ᠨᠢ ᠰᠢᠨ᠎ᠡ ᠰᠣᠷᠭᠤᠭ ᠪᠠᠶᠢᠳᠠᠭ ᠠᠴᠠ ᠪᠣᠯᠵᠤ᠂ ᠲᠡᠬᠦᠨ ᠤ ᠴᠠᠭᠠᠨ ᠢᠳᠡᠭᠡᠨ ᠤ ᠪᠣᠷᠣᠯᠠᠭᠤᠯᠤᠯᠲᠠ ᠶᠢᠨ ᠵᠠᠮ ᠤᠯᠠᠮ ᠢᠶᠠᠷ ᠦᠷᠭᠡᠵᠢᠵᠦ᠂ ᠠᠮᠢᠳᠤᠷᠠᠯ ᠨᠢ ᠶᠠᠪᠤᠬᠤ ᠲᠤᠲᠤᠮ ᠰᠠᠶᠢᠵᠢᠷᠠᠵᠤ ᠪᠠᠶᠢᠨ᠎ᠠ᠃ ᠲᠡᠷᠡ ᠬᠡᠯᠡᠭᠰᠡᠨ ᠨᠢ᠄ ︽ᠪᠢ ᠲᠠᠯ᠎ᠠ ᠨᠤᠲᠤᠭ ᠲᠤ ᠠᠮᠢᠳᠤᠷᠠᠭᠠᠳ ᠬᠤᠷᠢᠭᠠᠳ ᠵᠢᠯ ᠪᠣᠯᠵᠤ᠂  ᠠᠮᠢᠳᠤᠷᠠᠯ ᠴᠤ ᠶᠠᠪᠤᠬᠤ ᠲᠤᠳᠤᠮ ᠰᠠᠶᠢᠵᠢᠷᠠᠵᠤ ᠂ ᠲᠠᠯ᠎ᠠ ᠨᠤᠲᠤᠭ ᠤᠨ ᠬᠥᠮᠦᠰ ᠶᠡᠭᠡ ᠪᠠᠭᠲᠠᠭᠠᠮᠵᠢᠲᠠᠶ᠂ ᠬᠥᠷᠰᠢ ᠵᠡᠷᠭᠡᠯᠡᠳᠡᠭᠡ ᠶᠢᠨ ᠬᠢᠨ ᠨᠠᠮᠠᠶᠢ  ᠲᠤᠩ ᠬᠠᠷᠠᠭᠠᠯᠵᠠᠳᠠᠭ᠂ ᠡᠷ᠎ᠡ ᠨᠥᠬᠦᠷ ᠴᠦ ᠨᠠᠮ᠎ᠠ  ᠳᠤ ᠬᠠᠶᠢᠷᠠᠳᠠᠢ᠂ ᠪᠢ ᠮᠠᠰᠢ ᠵᠣᠯ ᠵᠢᠷᠭᠠᠯ ᠲᠠᠢ᠂ ᠣᠳᠣ ᠶᠢᠨ ᠠᠮᠢᠳᠤᠷᠠᠯ ᠳᠤ ᠪᠠᠨ‌ᠮᠠᠰᠢ ᠰᠡᠳᠬᠢᠯ ᠬᠠᠨᠤᠮᠵᠢᠲᠠᠶ ᠪᠠᠶᠢᠨ᠎ᠠ︾ ᠭᠡᠪᠡ᠃    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠵᠠᠮ ᠳᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠠᠯᠢ ᠤᠯᠠᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠠᠮᠢᠳᠤᠯᠢᠭ ᠦᠢᠯᠡᠳᠦᠯᠭᠡ ᠪᠠᠷ ᠳᠠᠮᠵᠢᠭᠤᠯᠵᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠳᠤ ᠰᠢᠨ᠎ᠡ ᠳᠦᠷᠰᠦ ᠪᠠᠶᠢᠳᠠᠯ ᠢᠯᠡᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠠᠭᠤᠳᠠᠰᠤ ᠶᠢ ᠵᠢᠷᠤᠭᠯᠠᠵᠤ᠂ ᠰᠣᠶᠣᠯ ᠵᠤᠭᠠᠴᠠᠯ ᠤᠨ ᠠᠭᠤᠰᠤᠯᠴᠠᠯ ᠨᠢ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠦ ᠬᠥᠮᠦᠰ ᠤᠨ ᠰᠡᠳᠬᠢᠯ ᠳᠤ ᠬᠠᠳᠠᠩᠰᠢᠭᠤᠯᠵᠤ ᠁ ᠪᠥᠯᠬᠦᠮᠳᠡᠨ ᠲᠡᠮᠡᠴᠡᠵᠦ᠂ ᠴᠡᠴᠡᠭᠯᠡᠨ ᠬᠥᠭᠵᠢᠭᠰᠡᠨ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠡᠢ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠨᠡᠩ ᠪᠣᠳᠠᠲᠠᠢ ᠪᠦᠲᠦᠮᠵᠢᠲᠡᠢ ᠪᠠᠲᠤ ᠴᠤᠭᠴᠠᠯᠠᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠳᠡᠯᠭᠡᠷᠡᠭᠦᠯᠬᠦ ᠪᠤᠢ︖ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠳᠠᠷᠠᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠡᠳᠬᠢᠴᠡ ᠤᠯᠠᠮ ᠲᠣᠳᠣᠷᠬᠠᠢ ᠪᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠴᠣᠭᠴᠠᠯᠠᠬᠤ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠬᠦᠨᠵᠡᠬᠡᠶᠢᠷᠡᠬᠦᠯᠵᠦ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠢᠵᠢᠮ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠭᠦᠨᠵᠡᠭᠡᠢ ᠠᠬᠢᠭᠤᠯᠵᠤ᠂ ︽ᠬᠠᠮᠲᠤ ᠪᠠᠷ ᠨᠢᠭᠳᠠᠷᠠᠨ ᠪᠦᠯᠬᠦᠮᠳᠡᠵᠦ ᠬᠢᠯᠢ ᠬᠢᠵᠠᠭᠠᠷ ᠢᠶᠠᠨ ᠪᠠᠬᠢᠵᠢᠭᠦᠯᠬᠦ︾ ᠠᠮᠢᠳᠤᠯᠢᠭ ᠬᠠᠭᠤᠳᠠᠰᠤ ᠶᠢ ᠬᠠᠮᠲᠤᠪᠠᠷ ᠵᠢᠷᠤᠭᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ  ᠪᠦᠳᠦᠭᠡᠨ ᠪᠠᠶᠢᠭᠤᠯᠬᠤ ᠳᠤ ᠪᠦᠬᠦ ᠲᠠᠯ᠎ᠠ ᠪᠠᠷ ᠲᠠᠷᠬᠠᠨ ᠮᠤᠤᠮᠢᠩᠭᠠᠨ ᠤ  ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号