ᠯᠦ ᠺᠤᠸᠠᠨ ᠯᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠤ 4 ᠰᠠᠷ᠎ᠠ ᠳᠤ ᠳᠦᠷᠦᠵᠡᠶ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ | ᠰᠤᠷᠤᠯᠭ᠎ᠠ ᠶᠢᠨ ᠨᠠᠮᠲᠠᠷ ᠲᠠᠢ᠂ 1997 ᠣᠨ ᠳᠤ ᠠᠵᠢᠯ ᠳᠤ ᠣᠷᠣᠵᠠᠶ᠂ ᠣᠲᠣ ᠪᠤᠭᠤᠲᠤ ᠬᠤᠲᠠ ᠶᠢᠨ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ᠂ ᠠᠵᠢᠯᠴᠢᠨ ᠤ ᠡᠪᠯᠡᠯ ᠤᠨ | ᠲᠡᠷᠢᠭᠦᠯᠡᠭᠴᠢ᠂ ᠳᠡᠳ᠋ ᠡᠷᠬᠢᠯᠡᠭᠴᠢ ᠡᠮᠴᠢ᠂ ᠡᠮᠴᠢᠯᠡᠭᠡ ᠬᠢᠭᠡᠳ 30 ᠵᠢᠯ ᠰᠢᠬᠠᠮ ᠪᠤᠯᠵᠤ ᠪᠠᠶᠢᠨ᠎ᠠ᠃ 2021 | ᠣᠨ ᠳᠤ ᠪᠤᠭᠤᠲᠤ ᠬᠤᠳᠠ ᠶᠢᠨ ᠰᠢᠯᠢᠳᠡᠭ ᠡᠮᠴᠢ ᠪᠠ 2023 ᠣᠨ ᠳᠤ ᠪᠤᠭᠤᠲᠤ ᠬᠤᠳᠠ ᠶᠢᠨ ᠰᠢᠯᠢᠳᠡᠭ | ᠡᠮᠴᠢ ᠪᠠᠷ ᠱᠠᠩᠨᠠᠭᠳᠠᠵᠤ ᠥᠩᠭᠡᠷᠡᠵᠡᠢ᠃ ᠤᠷᠢᠳ ᠬᠤᠵᠢᠳ ᠪᠤᠭᠤᠲᠤ ᠬᠤᠲᠠ ᠶᠢᠨ ᠬᠥᠳᠡᠯᠮᠦᠷᠢᠯᠡᠬᠦ ᠴᠢᠳᠠᠪᠤᠷᠢ ᠶᠢ | ᠬᠢᠨᠠᠨ ᠲᠣᠭᠲᠠᠭᠠᠬᠤ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯᠲᠡᠨ ᠤ ᠡᠬᠦᠷᠬᠡ ᠶᠢ ᠡᠬᠦᠷᠬᠡᠯᠡᠵᠦ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠤᠨ ᠶᠠᠰᠤᠨ ᠰᠠᠯᠠᠭᠠᠨ ᠤ ᠡᠮᠴᠢ ᠶᠢᠨ | ᠬᠤᠪᠢᠶᠠᠷᠢ ᠨᠡᠶᠢᠭᠡᠮᠯᠢᠭ ᠤᠨ ᠭᠡᠰᠢᠭᠦᠨ᠂ ᠪᠤᠭᠤᠲᠤ ᠬᠤᠲᠠ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ | ᠠᠩᠬᠠᠳᠤᠭᠠᠷ ᠬᠤᠭᠤᠴᠠᠭᠠᠨ ᠤ ᠰᠢᠷᠬ᠎ᠠ ᠶᠠᠰᠤᠨ ᠤ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠤᠨ ᠬᠤᠪᠢᠶᠠᠷᠢ | ᠨᠡᠶᠢᠭᠡᠮᠯᠢᠭ ᠤᠨ ᠲᠤᠰᠢᠶᠠᠯ ᠢ ᠡᠭᠦᠷᠭᠡᠯᠡᠵᠦ ᠥᠩᠭᠡᠷᠡᠪᠡ᠃ ᠪᠠᠭᠠᠨ᠎ᠠ ᠨᠢᠷᠤᠭᠤᠨ ᠤ ᠭᠠᠳᠠᠷ ᠡᠮᠨᠡᠯᠭᠡ ᠶᠢᠨ ᠲᠤᠰᠬᠠᠢ | ᠮᠡᠷᠭᠡᠵᠢᠯ ᠤᠨ ᠬᠤᠪᠢᠶᠠᠷᠢ ᠨᠡᠶᠢᠭᠡᠮᠯᠢᠭ ᠂ ᠦᠶ᠎ᠡ ᠭᠡᠰᠢᠭᠦᠨ ᠤ ᠭᠠᠳᠠᠷ ᠡᠮᠨᠡᠯᠬᠡ ᠶᠢᠨ ᠲᠤᠰᠬᠠᠢ ᠰᠠᠯᠠᠭᠠᠨ ᠤ ᠬᠤᠪᠢᠶᠠᠷᠢ | ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠤᠨ | ᠡᠪᠦᠳᠦᠭ᠂ ᠰᠡᠭᠦᠵᠢ ᠪᠠᠨ ᠬᠠᠮᠠᠭᠠᠯᠠᠬᠤ ᠲᠤᠰᠬᠠᠢ ᠮᠡᠷᠭᠡᠵᠢᠯ ᠤᠨ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠤᠨ ᠶᠠᠰᠤᠨ ᠰᠠᠯᠠᠭᠠᠨ ᠤ ᠦᠨᠳᠦᠰᠦᠨ ᠱᠠᠲᠤᠨ ᠤ | ᠡᠮᠴᠢ ᠶᠢᠨ ᠬᠤᠪᠢᠶᠠᠷᠢ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠪᠠᠶᠢᠩᠭᠤ ᠶᠢᠨ ᠭᠡᠰᠢᠭᠦᠨ ᠪᠣᠯᠣᠨ᠎ᠠ᠃ | ᠯᠦ ᠺᠤᠸᠠᠨ ᠯᠢᠶᠠᠩ ᠨᠥᠬᠦᠷ ᠠᠵᠢᠯ ᠤᠨ ᠳᠤᠮᠳᠠ ᠪᠠᠨ ᠰᠤᠷᠲᠠᠯ ᠢᠶᠠᠷ ᠪᠤᠳᠠᠳᠤ ᠠᠵᠢᠯᠯᠠᠭ᠎ᠠ ᠶᠢ ᠡᠷᠬᠢᠮᠯᠡᠵᠦ᠂ | ᠳᠠᠷᠤᠤ ᠬᠢᠴᠢᠶᠡᠩᠭᠦᠢ ᠪᠠᠶᠢᠵᠤ᠂ ᠨᠠᠷᠢᠨ ᠨᠢᠮᠪᠠᠢ ᠬᠠᠨᠳᠤᠵᠤ᠂ ᠴᠢᠳᠠᠮᠠᠭᠠᠢ ᠪᠠᠷ ᠰᠤᠷᠤᠯᠴᠠᠳᠠᠭ᠃ ᠬᠡᠳᠦ᠋ᠢᠪᠡᠷ ᠳᠡᠳ᠋ | ᠬᠤᠷᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠪᠣᠯᠪᠠᠴᠤ ᠶᠡᠷᠦ ᠨᠢ ᠡᠮᠴᠢᠯᠡᠭᠡᠨ ᠤ ᠠᠵᠢᠯ ᠠᠴᠠ | ᠰᠠᠯᠤᠭᠰᠠᠨ ᠥᠬᠡᠶ᠂ ᠤᠯᠠᠨᠳᠠ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ᠂ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠮᠨᠡᠯᠭᠡ ᠶᠢᠨ | ᠬᠤᠷᠢᠶ᠎ᠠ ᠵᠡᠷᠭᠡ ᠭᠤᠷᠪᠠᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠳᠠᠪᠲᠠᠨ ᠪᠣᠯᠪᠠᠰᠤᠷᠠᠵᠤ | ᠰᠤᠷᠤᠯᠴᠠᠵᠤ᠂ ᠰᠣᠷᠣᠭᠰᠠᠨ ᠮᠡᠳᠡᠯᠭᠡ ᠵᠢᠴᠢ ᠤᠷ᠎ᠠ ᠴᠢᠳᠠᠪᠤᠷᠢ ᠶᠢ ᠦᠢᠯᠡᠳᠦᠯᠭᠡ ᠳᠤᠮᠳᠠ ᠲᠠᠰᠤᠷᠠᠯᠲᠠ ᠥᠬᠡᠶ | ᠬᠡᠷᠡᠭᠯᠡᠵᠡᠶ᠃ ᠡᠭᠦᠨ ᠤ ᠬᠠᠮᠲᠤ᠂ ᠯᠦ ᠺᠤᠸᠠᠨ ᠯᠢᠶᠠᠩ ᠨᠥᠬᠦᠷ ᠭᠠᠳᠠᠷ ᠰᠠᠯᠠᠭᠠᠨ ᠤ ᠡᠪᠡᠳᠴᠢᠨ ᠤ ᠰᠢᠨ᠎ᠡ ᠮᠡᠳᠡᠯᠭᠡ᠂ | ᠰᠢᠨ᠎ᠡ ᠮᠡᠷᠭᠡᠵᠢᠯ᠂ ᠰᠢᠨ᠎ᠡ ᠡᠮᠨᠡᠬᠦ ᠠᠷᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠡᠵᠡᠮᠰᠢᠵᠦ᠂ ᠪᠢᠴᠢᠯ | ᠡᠭᠦᠳᠦᠯᠲᠡ ᠶᠢᠨ ᠭᠠᠳᠠᠭᠠᠳᠤ ᠰᠠᠯᠠᠭᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠤᠶᠢᠯᠠᠭᠠᠨ᠂ ᠰᠢᠨ᠎ᠡ ᠲᠤᠷᠰᠢᠯᠭ᠎ᠠ | ᠬᠤᠷᠠᠮᠳᠤᠭᠤᠯᠵᠤ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠨ᠂ ᠡᠪᠡᠳᠴᠢᠲᠡᠨ ᠳᠤ ᠨᠠᠩ | ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ 2023 ᠣᠨ ᠳᠤ ᠡᠭᠦᠳᠡᠨ ᠡᠮᠨᠡᠯᠭᠡ ᠳᠤ | ᠡᠪᠡᠳᠴᠢᠲᠡᠨ ᠢ 1500 ᠭᠠᠷᠤᠢ ᠬᠥᠮᠥᠨ ᠤᠳᠠᠭ᠎ᠠ ᠬᠦᠯᠢᠶᠡᠨ ᠠᠪᠴᠤ ᠡᠮᠴᠢᠯᠡᠵᠦ᠂ ᠡᠮᠨᠡᠯᠭᠡ ᠳᠤ ᠰᠠᠭᠤᠭᠰᠠᠨ | ᠡᠪᠡᠳᠴᠢᠲᠡᠨ ᠢ 300 ᠭᠠᠷᠤᠢ ᠬᠥᠮᠥᠨ ᠤᠳᠠᠭ᠎ᠠ ᠭᠥᠯᠢᠶᠡᠨ ᠠᠪᠴᠤ ᠵᠠᠰᠠᠵᠤ᠂ 200 ᠭᠠᠷᠤᠢ ᠤᠳᠠᠭ᠎ᠠ ᠶᠢᠨ | ᠮᠡᠰᠡ ᠵᠠᠰᠠᠯ ᠬᠢᠪᠡ᠃ |