ᠮᠠᠯ ᠠᠵᠤ ᠠᠬᠤᠢ ᠶᠢᠨ ᠠᠵᠤ ᠦᠢᠯᠡᠰ ᠤᠨ ᠳᠠᠬᠢᠨ ᠳᠡᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ ᠰᠢᠨ᠎ᠡ ᠵᠠᠭᠪᠤᠷ ᠢ ᠴᠢᠷᠮᠠᠶᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2024/8/20
      ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠭᠡᠳᠦ ᠪᠡᠯᠴᠢᠬᠡᠷᠯᠡᠬᠦᠯᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠠᠴᠠ ᠲᠡᠵᠢᠭᠡᠬᠦ ᠶᠢ ᠴᠠᠭᠠᠵᠠᠯᠠᠬᠤ ᠥᠬᠡᠶ᠂ ᠮᠠᠯ ᠤᠨᠤᠭ᠎ᠠ ᠶᠢ ᠪᠠᠭᠠᠰᠬᠠᠬᠤ ᠠᠴᠠ ᠤᠷᠤᠯᠭ᠎ᠠ ᠪᠠᠨ ᠪᠠᠭᠠᠰᠬᠠᠬᠤ ᠦᠬᠡᠢ ᠪᠠᠶᠢᠬᠤ ᠶᠢ ᠪᠡᠶᠡᠯᠡᠭᠦᠯᠬᠦ ᠶᠢᠨ ᠲᠥᠯᠥᠭᠡ᠂ ᠰᠢᠷᠠᠮᠥ᠋ᠷᠡᠨ ᠪᠠᠯᠭᠠᠰᠤ ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ ᠰᠢᠨ᠎ᠡ ᠵᠠᠭᠪᠤᠷ ᠢ ᠴᠢᠷᠮᠠᠶᠢᠨ ᠰᠦᠪᠡᠭᠴᠢᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃     ᠨᠢᠭᠡ᠂ ᠠᠷᠭ᠎ᠠ ᠰᠦᠪᠡᠭᠴᠢᠯᠡᠨ ᠬᠦᠳᠡᠯᠦᠯᠴᠡᠵᠦ᠂ ᠪᠡᠯᠡᠳᠬᠡᠯ ᠲᠠᠢ ᠪᠠᠶᠢᠯᠳᠤᠭᠠᠨ ᠬᠢᠬᠦ    ᠪᠡᠯᠴᠢᠭᠡᠷᠯᠡᠭᠦᠯᠬᠦ ᠶᠢ ᠵᠤᠭᠰᠤᠭᠠᠬᠤ ᠠᠴᠠ ᠲᠡᠵᠢᠭᠡᠬᠦ ᠶᠢ ᠴᠠᠭᠠᠵᠠᠯᠠᠬᠤ ᠥᠬᠡᠶ᠂ ᠮᠠᠯ ᠤᠨᠤᠭ᠎ᠠ ᠶᠢ ᠪᠠᠭᠠᠰᠬᠠᠬᠤ  ᠠᠴᠠ ᠤᠷᠤᠯᠭ᠎ᠠ ᠪᠠᠨ ᠪᠠᠭᠠᠰᠬᠠᠬᠤ ᠦᠬᠡᠢ ᠪᠠᠶᠢᠬᠤ ᠪᠠᠷ ᠭᠠᠷᠳᠠᠬᠤ ᠴᠡᠭ ᠪᠣᠯᠭᠠᠵᠤ᠂ ᠪᠥᠬᠦ ᠺᠠᠳ᠋ᠷᠴᠤᠳ ᠬᠥᠳᠡᠭᠡ ᠪᠠᠭᠤᠵᠤ ᠮᠠᠯ ᠲᠡᠵᠢᠭᠡᠨ ᠦᠷᠡᠵᠢᠭᠦᠯᠦᠭᠰᠡᠨ ᠪᠠᠶᠢᠳᠠᠯ᠂ ᠮᠠᠯ ᠢᠶᠠᠨ ᠭᠠᠷᠭᠠᠬᠤ ᠳᠤᠷ᠎ᠠ ᠥᠬᠡᠶ ᠡᠷᠡᠭᠡᠯᠵᠡᠭᠡ ᠪᠠ ᠮᠠᠯ ᠤᠨ ᠭᠠᠷᠭᠠᠯᠳᠠ ᠶᠢᠨ ᠨᠥᠬᠦᠴᠡᠯ ᠢ ᠤᠶᠢᠯᠠᠭᠠᠨ  ᠮᠡᠳᠡᠪᠡ᠃  ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ ᠡᠪᠡᠰᠦ ᠪᠣᠷᠳᠤᠭ᠎ᠠ ᠳᠠᠷᠢᠬᠤ ᠺᠣᠮᠫᠠᠨᠢ ᠵᠢᠴᠢ 4 ᠠᠳᠠᠯᠢ ᠪᠤᠰᠤ ᠲᠡᠵᠢᠭᠡᠨ ᠦᠷᠡᠵᠢᠭᠦᠯᠬᠦ ᠠᠵᠤ ᠠᠬᠤᠶᠢᠯᠠᠯ  ᠤᠨ ᠺᠣᠮᠫᠠᠨᠢ ᠲᠠᠢ ᠵᠥᠪᠳᠡᠯᠴᠡᠵᠦ᠂ ᠮᠠᠨ ᠤ ᠪᠠᠯᠭᠠᠰᠤᠨ ᠤ ᠮᠠᠯ ᠠᠵᠤ ᠠᠬᠤᠶ ᠶᠢᠨ ᠬᠡᠯᠪᠡᠷᠢ ᠳᠤ ᠳᠣᠭᠢᠷᠠᠬᠤ ᠲᠠᠰ ᠳᠡᠪᠰᠢᠬᠦ  ᠰᠢᠨ᠎ᠡ ᠵᠠᠮ ᠢ ᠴᠢᠷᠮᠠᠶᠢᠨ ᠬᠠᠶᠢᠨ ᠰᠦᠪᠡᠭᠴᠢᠯᠡᠪᠡ᠃ ᠣᠳᠣᠬᠠᠨ ᠳᠤ 1 ᠲᠡᠵᠢᠭᠡᠨ ᠦᠷᠡᠵᠢᠭᠦᠯᠬᠦ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ 2 ᠺᠣᠮᠫᠠᠨᠢ ᠲᠠᠢ ᠬᠠᠮᠲᠤᠷᠠᠨ ᠠᠵᠢᠯᠯᠠᠬᠤ ᠰᠠᠨᠠᠮᠵᠢ ᠲᠣᠭᠲᠠᠪᠠ᠃     ᠬᠤᠶᠠᠷ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠮᠠᠯᠴᠢᠳ ᠢ ᠳᠠᠶᠢᠴᠢᠯᠠᠨ ᠤᠷᠤᠯᠴᠠᠭᠤᠯᠪᠠ᠃     ︽  ᠨᠠᠮ ᠤᠨ ᠡᠬᠦᠷ + ᠠᠵᠤ ᠠᠬᠤᠶᠢᠯᠠᠯ  + ᠪᠠᠶᠠᠵᠢᠨ ᠴᠢᠨᠡᠭᠡᠯᠢᠭᠵᠢᠬᠦ ᠰᠠᠶᠢᠨ ᠭᠠᠷ + ᠮᠠᠯᠵᠢᠬᠤ ᠡᠷᠦᠭᠡ︾ ᠶᠢᠨ ᠵᠠᠭᠪᠤᠷ ᠢ ᠬᠡᠷᠡᠭᠵᠢᠭᠦᠯᠵᠦ᠂ ᠭᠠᠴᠠᠭᠠᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠮᠠᠯᠴᠢᠳ ᠲᠤ ᠦᠢᠯᠡᠴᠢᠯᠡᠬᠦ᠂ ᠮᠠᠯᠴᠢᠳ ᠢ ᠳᠠᠶᠢᠴᠢᠯᠠᠬᠤ᠂ ᠮᠠᠯᠴᠢᠳ ᠢ ᠵᠣᠬᠢᠶᠠᠨ ᠪᠠᠶᠢᠭᠤᠯᠬᠤ ᠳᠠᠪᠠᠭᠤᠯᠢᠭ ᠲᠠᠯ᠎ᠠ  ᠪᠠᠨ ᠪᠠᠳᠠᠷᠠᠭᠤᠯᠬᠤ ᠪᠠᠷ ᠳᠠᠮᠵᠢᠭᠤᠯᠤᠨ᠂ ᠭᠠᠴᠠᠭ᠎ᠠ ᠲᠦᠷᠦᠭᠦᠯᠡᠨ ᠤᠯᠤᠰ ᠤᠨ ᠥᠮᠴᠢᠯᠡᠯᠲᠦ ᠠᠵᠤ ᠠᠬᠤᠶᠢᠯᠠᠯ ᠲᠠᠢ ᠮᠢᠬᠠᠨ ᠤ ᠬᠤᠨᠢ ᠵᠠᠬᠢᠶᠠᠯᠠᠬᠤ ᠭᠡᠷ᠎ᠡ ᠲᠣᠭᠲᠠᠵᠤ᠂  ᠪᠠᠶᠠᠵᠢᠨ ᠴᠢᠨᠡᠭᠡᠯᠢᠭᠵᠢᠬᠦ ᠰᠠᠶᠢᠨ ᠭᠠᠷ᠂  ᠮᠠᠯᠴᠢᠳ ᠢ ᠵᠣᠬᠢᠶᠠᠨ ᠪᠠᠶᠢᠭᠤᠯᠵᠤ ᠪᠡᠯᠴᠢᠭᠡᠷᠯᠡᠭᠦᠯᠬᠦ ᠶᠢ  ᠵᠤᠭᠰᠤᠭᠠᠬᠤ ᠂ ᠠᠵᠤ ᠦᠶᠢᠯᠡᠰᠵᠢᠭᠰᠡᠨ ᠬᠦᠷᠢᠶᠡᠯᠡᠩ ᠲᠣᠭᠤᠷᠢᠭ ᠤᠨ ᠣᠲᠣ ᠶᠢᠨ ᠪᠠᠶᠢᠭ᠎ᠠ ᠲᠡᠵᠢᠭᠡᠨ ᠦᠷᠡᠵᠢᠭᠦᠯᠬᠦ ᠡᠬᠢ ᠪᠠᠶᠠᠯᠢᠭ ᠢ ᠠᠰᠢᠭᠯᠠᠨ᠂ ᠬᠠᠰᠢᠶᠠᠯᠠᠨ ᠲᠡᠵᠢᠭᠡᠨ ᠮᠠᠯᠵᠢᠵᠦ ᠨᠢᠬᠡᠳᠦᠯᠳᠠᠢ ᠮᠠᠯ ᠢᠶᠠᠨ ᠭᠠᠷᠭᠠᠨ᠂ ᠨᠠᠮ ᠤᠨ ᠡᠭᠦᠷ ᠠᠵᠤ ᠠᠬᠤᠶᠢᠯᠠᠯ ᠤᠨ ᠵᠠᠬᠢᠶᠠᠯᠠᠭ᠎ᠠ  ᠶᠢ ᠲᠣᠭᠲᠠᠵᠤ᠂ ᠮᠠᠯᠵᠢᠬᠤ ᠡᠷᠦᠬᠡ ᠶᠢᠨ ᠪᠣᠷᠣᠯᠠᠭᠤᠯᠭ᠎ᠠ ᠶᠢᠨ ᠠᠰᠠᠭᠤᠳᠠᠯ ᠢ ᠰᠢᠢᠳᠪᠦᠷᠢᠯᠡᠵᠦ᠂  ᠮᠠᠯᠴᠢᠳ ᠤᠨ ᠬᠠᠮᠤᠭ ᠤᠨ ᠦᠨᠳᠦᠰᠦᠨ ᠡᠷᠡᠭᠡᠯᠵᠡᠭᠡ ᠶᠢ ᠡᠬᠢ ᠰᠤᠷᠪᠤᠯᠵᠢ ᠠᠴᠠ ᠨᠢ ᠰᠢᠢᠳᠪᠦᠷᠢᠯᠡᠨ᠂ ᠮᠠᠯᠴᠢᠨ ᠡᠷᠦᠬᠡ ᠶᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ ᠵᠠᠭᠪᠤᠷ ᠢ ᠬᠡᠷᠡᠭᠯᠡᠨ ᠲᠡᠵᠢᠭᠡᠨ ᠦᠷᠡᠵᠢᠭᠦᠯᠵᠦ᠂ ᠨᠤᠲᠤᠭ ᠪᠡᠯᠴᠢᠭᠡᠷ ᠤᠨ  ᠭᠡᠳᠦ ᠪᠡᠯᠴᠢᠭᠡᠷᠯᠡᠬᠦᠯᠬᠦ  ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠪᠠ᠃      ᠭᠤᠷᠪᠠ᠂ ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠵᠤ᠂ ᠲᠡᠷᠢᠭᠦᠨ ᠤ ᠲᠤᠷᠰᠢᠯᠭ᠎ᠠ ᠶᠢ ᠰᠢᠩᠭᠡᠭᠡᠨ ᠠᠪᠤᠪᠠ᠃     ᠲᠣᠮᠣ ᠬᠡᠯᠪᠡᠷᠢ ᠶᠢᠨ ᠪᠣᠯᠪᠠᠰᠤᠷᠠᠩᠭᠤᠶ ᠪᠣᠯᠤᠭᠰᠠᠨ ᠮᠢᠬᠠᠨ ᠤ ᠬᠤᠨᠢ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ᠂  ᠮᠠᠯ ᠵᠶ᠋ᠡᠨ‌ᠨᠢᠭᠡᠳᠦᠯᠲᠡᠶ ᠲᠡᠵᠢᠭᠡᠨ ᠦᠷᠡᠵᠢᠬᠦᠯᠵᠦ ᠭᠠᠷᠭᠠᠬᠤ ᠵᠠᠭᠪᠤᠷ ᠢ ᠬᠡᠷᠡᠭᠵᠢᠭᠦᠯᠵᠦ᠂ ︽ᠵᠠᠰᠠᠭ ᠤᠨ ᠣᠷᠳᠣᠨ + ᠠᠵᠤ ᠠᠬᠤᠶᠢᠯᠠᠯ  + ᠮᠠᠯᠵᠢᠬᠤ ᠡᠷᠦᠬᠡ︾ ᠶᠢᠨ ᠬᠡᠯᠪᠡᠷᠢ ᠪᠠᠷ ᠠᠵᠤ ᠠᠬᠤᠶᠢᠯᠠᠯ ᠳᠤ ᠲᠡᠵᠢᠭᠡᠨ ᠦᠷᠡᠵᠢᠭᠦᠯᠬᠦ ᠲᠠᠯᠠᠪᠠᠶ ᠬᠠᠩᠭᠠᠵᠤ᠂ ᠬᠤᠷᠠᠭ᠎ᠠ ᠬᠤᠳᠠᠯᠳᠤᠨ ᠠᠪᠬᠤ᠂ ᠲᠡᠵᠢᠭᠡᠯ ᠡᠪᠡᠰᠦ ᠪᠣᠷᠳᠤᠭ᠎ᠠ ᠬᠠᠩᠭᠠᠬᠤ ᠲᠠᠯ᠎ᠠ ᠪᠠᠷ ᠲᠥᠷᠥᠯ ᠵᠦᠢᠯ ᠤᠨ ᠳᠡᠮᠵᠢᠯᠭᠡ ᠦᠵᠡᠭᠦᠯᠵᠦ᠂ ᠮᠠᠨ ᠤ ᠪᠠᠯᠭᠠᠰᠤᠨ ᠤ ᠲᠣᠰ ᠭᠠᠵᠠᠷ ᠤᠨ ᠬᠤᠷᠠᠭ᠎ᠠ ᠶᠢ ᠬᠤᠳᠠᠯᠳᠤᠨ ᠠᠪᠴᠤ ᠲᠥᠪᠯᠡᠷᠡᠭᠦᠯᠦᠨ ᠪᠣᠷᠳᠣᠵᠤ ᠲᠠᠷᠭᠤᠯᠠᠭᠤᠯᠵᠤ᠂ ᠲᠣᠰ ᠭᠠᠵᠠᠷ ᠤᠨ ᠬᠤᠷᠠᠭ᠎ᠠ ᠶᠢᠨ ᠭᠠᠷᠭᠠᠯᠲᠠ ᠶᠢ ᠲᠦᠷᠭᠡᠳᠬᠡᠵᠦ᠂ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠪᠠᠭᠤᠷᠠᠭᠤᠯᠬᠤ ᠶᠢᠨ ᠬᠠᠮᠲᠤ᠂ ᠡᠭᠦᠯᠳᠡᠷ ᠢ ᠰᠠᠶᠢᠵᠢᠷᠠᠭᠤᠯᠬᠤ ᠶᠢ ᠲᠦᠷᠭᠡᠳᠬᠡᠨ᠎ᠡ᠃   ︽ᠨᠠᠮ ᠤᠨ ᠡᠭᠦᠷ + ᠠᠵᠤ ᠠᠬᠤᠶᠢᠯᠠᠯ + ᠮᠠᠯᠵᠢᠬᠤ ᠡᠷᠦᠬᠡ︾ ᠶᠢᠨ ᠵᠠᠭᠪᠤᠷ ᠢ ᠬᠡᠷᠡᠭᠯᠡᠵᠦ᠂ ᠭᠠᠴᠠᠭ᠎ᠠ ᠬᠠᠮᠲᠤ ᠶᠢᠨ ᠠᠵᠤ ᠠᠬᠤᠶ ᠪᠠᠷ ᠳᠠᠮᠵᠢᠭᠤᠯᠤᠨ ᠠᠵᠤ ᠠᠬᠤᠶᠢᠯᠠᠯ ᠳᠤ ᠪᠡᠯᠡ ᠮᠥᠩᠭᠦ ᠣᠷᠣᠭᠤᠯᠵᠤ᠂ ᠠᠵᠤ ᠠᠬᠤᠶᠢᠯᠠᠯ ᠠᠴᠠ ᠲᠤᠬᠠᠶ ᠶᠢᠨ ᠭᠠᠵᠠᠷ ᠤᠨ ᠬᠤᠷᠠᠭ᠎ᠠ ᠶᠢ ᠬᠤᠳᠠᠯᠳᠤᠨ ᠠᠪᠴᠤ ᠲᠥᠪᠯᠡᠷᠡᠭᠦᠯᠦᠨ  ᠪᠤᠷᠳᠤᠨ ᠲᠠᠷᠭᠤᠯᠠᠭᠤᠯᠵᠤ᠂ ᠨᠤᠲᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠶᠢ ᠪᠠᠭᠠᠰᠬᠠᠵᠤ᠂ ᠭᠠᠴᠠᠭᠠᠨ ᠤ ᠬᠠᠮᠲᠤ ᠶᠢᠨ ᠠᠵᠤ ᠠᠬᠤᠶ 1 ᠠᠴᠠ 2 ᠲᠦᠮᠡᠨ ᠲᠥᠭᠦᠷᠢᠭ ᠤᠨ ᠣᠷᠣᠯᠭ᠎ᠠ  ᠨᠡᠮᠡᠭᠳᠡᠬᠦ ᠪᠣᠯᠤᠨ᠎ᠠ᠃      ᠵᠠᠯᠭᠠᠭᠠᠳ᠂ ᠮᠠᠨ ᠤ ᠪᠠᠯᠭᠠᠰᠤ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠦᠷᠭᠦᠯᠵᠢᠯᠡᠨ ᠪᠠᠷᠢᠮᠲᠠᠯᠠᠵᠤ᠂ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠮᠢ ᠠᠬᠤᠶ᠂ ᠦᠢᠯᠡᠳᠪᠦᠷᠢᠯᠡᠯ᠂  ᠠᠷᠠᠳ ‍ᠤᠨ‌ᠠᠮᠢᠳᠤᠷᠠᠯ ᠤᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠬᠦᠯᠵᠦ᠂ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ  ᠨᠡᠮᠡᠭᠳᠡᠬᠦᠯᠦᠭᠰᠡᠨ ᠰᠢᠨ᠎ᠡ  ᠬᠠᠭᠤᠳᠠᠰᠤ ᠶᠢ ᠰᠠᠶᠢᠲᠤᠷ  ᠪᠢᠴᠢᠭᠯᠡᠨ᠎ᠡ ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号