ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ᠳᠠᠷᠬᠠᠨ ᠮᠤᠤᠮᠢᠩᠭᠠᠨ ᠳᠤ ᠢᠷᠡᠵᠦ᠂ ᠳᠠᠷᠬᠠᠨ ᠮᠤᠤᠮᠢᠩᠭᠠᠨ ᠤ ᠰᠤᠳᠤᠨ ᠪᠦᠳᠦᠭᠡᠭᠳᠡᠬᠦᠨ ᠢ ︽ᠭᠠᠳᠠᠭᠰᠢ ᠲᠡᠯᠭᠡᠨ ᠪᠤᠷᠤᠯᠠᠭᠤᠯᠬᠤ︾ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/8/21
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 34 ᠳ᠋ᠤᠭᠡᠷ ᠬᠤᠭᠤᠴᠠᠭᠠᠨ ᠤ ᠨᠠᠭᠠᠳᠤᠮ ᠤᠨ ᠬᠤᠷᠠᠯ ᠡᠬᠢᠯᠡᠬᠦ ᠲᠠᠰᠢᠷᠠᠮ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠳᠡ ᠶᠢᠨ ᠠᠯᠪᠠᠨ ᠭᠡᠷ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ᠳᠠᠷᠬᠠᠨ ᠮᠤᠤᠮᠢᠩᠭᠠᠨ ᠳᠤ ᠢᠷᠡᠵᠦ ᠤᠷᠤᠯᠠᠨ ᠪᠤᠷᠤᠯᠠᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ᠂ ᠬᠢᠩᠭᠠᠨ ᠵᠡᠷᠭᠡ 10 ᠠᠶᠢᠮᠠᠭ  ᠬᠤᠳᠠ  ᠠᠴᠠ ᠢᠷᠡᠭᠰᠡᠨ  ᠥᠪᠥᠷ ᠮᠣᠩᠭᠤᠯ ᠤᠨ ᠲᠠᠷᠢᠶᠠᠯᠠᠩ ᠤᠨ ᠤᠷᠤᠯᠠᠨ ᠪᠤᠷᠤᠯᠠᠭᠤᠯᠤᠭᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠴᠤᠭᠯᠠᠷᠠᠵᠤ᠂ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ ᠢ ᠬᠠᠮᠲᠤ ᠪᠠᠷ ᠪᠡᠯᠭᠡᠯᠡᠵᠦ ᠂ ᠣᠷᠣᠨ ᠨᠤᠲᠤᠭ ᠤᠨ ᠲᠡᠮᠳᠡᠭ ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ       ᠨᠠᠭᠠᠳᠤᠮ ᠤᠨ ᠬᠤᠷᠠᠯ ᠤᠨ ᠠᠬᠤᠢ ᠲᠠᠯᠠᠪᠠᠢ ᠳᠤ᠂ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ᠨᠠᠷ ᠲᠠᠯ᠎ᠠ ᠨᠤᠲᠤᠭ ᠤᠨ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ ᠪᠣᠯᠤᠨ ᠲᠠᠷᠬᠠᠨ ᠮᠤᠤᠮᠢᠩᠭᠠᠨ ᠤ ᠠᠷᠠᠳ ᠲᠦᠮᠡᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠬᠠᠷᠠᠨ ᠪᠠᠶᠠᠰᠴᠤ᠂ ᠣᠷᠳᠣᠰ ᠠᠴᠠ ᠢᠷᠡᠭᠰᠡᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ᠸᠠᠩ ᠰᠢᠶᠣᠣ ᠪᠥᠸᠧ᠄ ︽  ᠪᠢ ᠠᠩᠬᠠᠳᠤᠭᠠᠷ ᠤᠳᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ᠂ ᠨᠠᠭᠠᠳᠤᠮ ᠤᠨ ᠬᠤᠷᠠᠯ  ᠤᠨ ᠠᠬᠤᠢ ᠲᠠᠯᠠᠪᠠᠢ ᠶᠢ ᠦᠵᠡᠵᠦ ᠪᠠᠶᠢᠬᠤ ᠪᠦᠭᠡᠳ ᠣᠨᠴᠠᠭᠠᠢ ᠰᠦᠷᠯᠢᠭ ᠰᠠᠶᠢᠬᠠᠨ ᠰᠠᠨᠠᠭᠳᠠᠭᠤᠯᠵᠤ᠂ ᠠᠳᠡᠬᠢ ᠠᠷᠠᠳ ᠲᠦᠮᠡᠨ ᠬᠠᠯᠠᠭᠤᠮᠰᠤᠭ ᠲᠤᠳᠤᠨᠤ᠂ ᠦᠵᠡᠮᠵᠢ ᠴᠦ ᠣᠨᠴᠠᠭᠠᠢ ᠭᠤᠶᠢᠳᠠ ᠰᠠᠶᠢᠬᠠᠨ ᠪᠠᠶᠢᠵᠤ᠂ ᠨᠠᠳᠠ ᠳᠤ ᠭᠦᠨ ᠰᠠᠭᠤᠭᠳᠠᠯ ᠥᠭᠪᠡ︾ ᠭᠡᠵᠦ ᠬᠡᠯᠡᠪᠡ᠃        ᠠᠵᠢᠯᠯᠠᠭ᠎ᠠ ᠶᠢᠨ ᠬᠤᠭᠤᠴᠠᠭᠠᠨ ᠳᠤ᠂ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ᠨᠠᠷ ᠪᠠᠰᠠ ᠬᠤᠸᠠᠩ ᠬᠤᠸᠠ ᠲᠠᠨ ᠪᠣᠬᠢᠷᠲᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠢᠶᠠᠨ ᠢᠦᠢ ᠮᠦ ᠭᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠳᠠᠷᠬᠠᠨ ᠴᠡᠭᠡ ᠶᠢᠨ ᠰᠠᠭᠤᠷᠢᠨ ᠭᠠᠵᠠᠷ᠂ ᠦᠬᠡᠷᠬᠤᠳᠳᠤᠭ ᠪᠠᠯᠭᠠᠰᠤᠨ ᠤ ᠤᠮᠠᠷᠠᠲᠤ ᠶᠢᠨ ᠾᠧ ᠮᠦ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠵᠡᠷᠭᠡ ᠭᠠᠵᠠᠷ ᠲᠤ ᠬᠦᠷᠴᠦ᠂ ᠨᠤᠲᠤᠭ ᠤᠨ ᠤᠯᠠᠨ ᠰᠢᠯᠢᠳᠡᠭ ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠰᠢᠯᠭᠠᠨ ᠠᠪᠬᠤ ᠪᠠᠷ ᠲᠠᠮᠵᠢᠨ᠂ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ᠨᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠤᠰ ᠲᠤᠰ ᠤᠨ ᠬᠦᠷᠢᠶᠡᠨ ᠠᠴᠠ ᠪᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠢᠳᠡᠪᠬᠢᠲᠡᠢ ᠤᠬᠠᠭᠤᠯᠤᠨ ᠳᠡᠯᠭᠡᠷᠡᠭᠦᠯᠵᠦ᠂ ᠨᠡᠩ ᠤᠯᠠᠨ ᠬᠦᠮᠦᠰ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠬᠦᠷᠴᠦ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ  ᠤᠶᠢᠯᠠᠭᠠᠵᠤ ᠮᠡᠳᠡᠬᠦᠯᠦᠨ᠎ᠡ ᠭᠡᠵᠦ  ᠪᠤᠳᠤᠯ ᠰᠠᠨᠠᠯ ᠢᠶᠠᠨ ᠢᠯᠡᠳᠭᠡᠭᠰᠡᠨ ᠪᠠᠶᠢᠨ᠎ᠠ ᠃     ᠲᠣᠰ ᠤᠳᠠᠭᠠᠨ ᠤ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ᠳᠠᠷᠬᠠᠨ ᠮᠤᠤᠮᠢᠩᠭᠠᠨ ᠳᠤ ᠢᠷᠡᠵᠦ ᠤᠷᠤᠯᠠᠨ ᠪᠤᠷᠤᠯᠠᠭᠤᠯᠬᠤ︾ ᠠᠵᠢᠯᠯᠠᠭ᠎ᠠ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ᠶᠢᠨ ᠨᠥᠯᠥᠭᠡᠯᠡᠬᠦ ᠬᠦᠴᠦᠨ ᠢ ᠠᠰᠢᠭᠯᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢᠶᠠᠨ ᠪᠥᠬᠦ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠨᠠᠩ ᠬᠦᠴᠦᠲᠡᠶ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠤᠨ ᠨᠠᠷᠠᠲᠤ ᠲᠡᠮᠳᠡᠭ ᠤᠨ ᠬᠥᠭᠵᠢᠯᠲᠡ ᠳᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠬᠤ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号