ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠷ᠎ᠠ ᠮᠦᠷᠡᠨ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠪᠣᠯ ᠵᠢᠩᠬᠢᠨᠢ ᠰᠠᠯᠠᠭᠠᠨ ᠲᠡᠰ ᠤᠨ ᠲᠦᠷᠦ ᠶᠢᠨ ᠨᠠᠮ ᠤᠨ ᠪᠠᠶᠢᠭᠤᠯᠭ᠎ᠠ ᠪᠣᠯᠤᠨ᠎ᠠ᠃ | ᠰᠢᠷᠠᠮᠥ᠋ᠷᠡᠨ ᠪᠠᠯᠭᠠᠰᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠰᠢᠭᠤᠨ ᠤ ᠵᠡᠭᠦᠨ ᠡᠮᠦᠨ᠎ᠡ | ᠬᠡᠰᠡᠭ ᠲᠤ ᠪᠠᠶᠢᠷᠢᠯᠠᠵᠤ᠂ ᠭᠠᠵᠠᠷ ᠤᠨ ᠪᠠᠶᠢᠴᠠ ᠨᠢ ᠪᠣᠭᠤᠨᠢ ᠠᠭᠤᠯᠠ ᠳᠣᠪᠣᠷᠬᠠᠭ ᠭᠠᠵᠠᠷ ᠤᠨ ᠲᠥᠷᠥᠯ | ᠬᠡᠯᠪᠡᠷᠢ ᠳᠤ ᠬᠠᠷᠢᠶᠠᠯᠠᠭᠳᠠᠵᠤ᠂ ᠡᠬᠢ ᠪᠠᠶᠠᠯᠢᠭ ᠡᠯᠪᠡᠭ ᠪᠠᠶᠢᠵᠤ᠂ ᠤᠷᠤᠨ ᠤ ᠲᠥᠪ ᠬᠥᠬᠡᠬᠤᠲᠠ ᠠᠴᠠ ᠵᠥᠪᠬᠡᠨ | 72 ᠺᠢᠯᠤᠮᠧᠲᠷ ᠵᠠᠶᠢᠲᠠᠶ᠂ ᠪᠤᠭᠤᠲᠤ ᠬᠤᠲᠠ ᠠᠴᠠ 250 ᠺᠢᠯᠤᠮᠧᠲᠷ ᠵᠠᠶᠢᠲᠠᠶ᠂ ᠪᠠᠲᠤᠬᠠᠭᠠᠯᠭ᠎ᠠ ᠪᠠᠯᠭᠠᠰᠤ ᠠᠴᠠ | 89 ᠺᠢᠯᠤᠮᠧᠲᠷ ᠵᠠᠶᠢᠲᠠᠶ ᠪᠠᠶᠢᠳᠠᠭ᠃ ᠡᠮᠦᠨ᠎ᠡ ᠪᠠᠨ ᠦᠴᠤᠸᠠᠨ ᠰᠢᠶᠠᠨ᠂ ᠵᠡᠭᠦᠨ ᠢᠶᠠᠨ ᠳᠥᠷᠪᠡᠳ ᠬᠤᠰᠢᠭᠤ ᠪᠠ | ᠲᠤᠰ ᠬᠤᠰᠢᠭᠤᠨ ᠤ ᠰᠢᠶᠤᠤ ᠸᠧᠨ ᠭᠦᠩ ᠰᠢᠶᠠᠩ ᠪᠠᠷᠠᠭᠤᠨ ᠶᠢᠩ ᠫᠠᠨ ᠰᠢᠶᠠᠩ᠂ ᠬᠤᠶᠢᠲᠤ ᠶᠡᠭᠡ ᠰᠡᠭᠦᠵᠢ | ᠰᠢᠶᠠᠩ᠂ ᠪᠠᠷᠠᠭᠤᠨᠰᠢ ᠪᠠᠨ ᠱᠢ ᠪᠣᠣ ᠪᠠᠯᠭᠠᠰᠤ ᠶᠢᠨ ᠠᠭᠤᠯᠵᠠᠷ ᠲᠤ ᠶᠡᠷᠦᠩᠬᠡᠢ ᠲᠠᠯᠠᠪᠠᠢ 720 ᠲᠡᠭᠰᠢ | ᠳᠥᠷᠪᠡᠯᠵᠢᠨ ᠺᠢᠯᠤᠮᠧᠲᠷ᠂ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠢ 690 ᠲᠡᠭᠰᠢ ᠳᠥᠷᠪᠡᠯᠵᠢᠨ ᠺᠢᠯᠤᠮᠧᠲᠷ ︵ | 103.5 ᠲᠦᠮᠡᠨ ᠮᠦ︶ ᠪᠠᠶᠢᠪᠠ᠃ ᠳᠠᠯᠠᠢ ᠶᠢᠨ ᠲᠥᠪᠰᠢᠨ ᠠᠴᠠ ᠳᠤᠮᠳᠠᠴᠢ ᠪᠠᠷ 1602ᠮᠧᠲᠷ ᠡᠷᠭᠦᠭᠳᠡᠵᠦ᠂ | ᠪᠣᠷᠣᠭᠠᠨ ᠤ ᠬᠤᠭᠤᠴᠠᠭ᠎ᠠ ᠵᠢᠯ ᠪᠦᠷᠢ ᠪᠠᠷᠤᠭ 70 ᠡᠳᠦᠷ ᠪᠠᠶᠢᠵᠤ᠂ ᠳᠤᠮᠳᠠᠴᠢ ᠠᠭᠠᠷ ᠤᠨ ᠳᠤᠯᠠᠭᠠᠨ 2.0 | ᠭᠷᠠᠳᠦ᠋ᠰ ᠪᠠᠶᠢᠵᠤ᠂ ᠠᠭᠤᠷ ᠠᠮᠢᠰᠬᠤᠯ ᠰᠡᠷᠢᠭᠦᠨ ᠪᠠᠶᠢᠵᠤ᠂ ᠤᠰᠤ ᠡᠪᠡᠰᠦ ᠡᠯᠪᠡᠭ ᠪᠠᠶᠠᠯᠢᠭ᠂ ᠵᠢᠭᠤᠯᠴᠢᠯᠠᠯ ᠤᠨ | ᠡᠬᠢ ᠪᠠᠶᠠᠯᠢᠭ ᠣᠯᠠᠨ ᠠᠴᠠ ᠬᠡᠲᠦᠷᠬᠡᠢ ᠨᠦᠭᠦᠴᠡᠯ ᠲᠠᠢ ᠪᠠᠶᠢᠳᠠᠭ᠃ ᠣᠶᠢᠷ᠎ᠠ ᠶᠢᠨ ᠵᠢᠯ ᠤᠳ ᠲᠤ ᠰᠢᠷᠠᠮᠥ᠋ᠷᠡᠨ | ᠪᠠᠯᠭᠠᠰᠤᠨ ᠤ ᠵᠢᠭᠤᠯᠴᠢᠯᠠᠯ ᠤᠨ ᠦᠢᠯᠡᠰ ᠲᠦᠷᠭᠡᠨ ᠬᠥᠭᠵᠢᠵᠦ᠂ ᠵᠢᠭᠤᠯᠴᠢᠯᠠᠯ ᠤᠨ ᠡᠯ᠎ᠡ ᠲᠥᠷᠥᠯ ᠤᠨ ᠬᠦᠯᠢᠶᠡᠨ | ᠠᠪᠬᠤ ᠴᠡᠭ 212᠂ ᠮᠣᠩᠭᠤᠯ ᠭᠡᠷ 3680 ᠣᠷᠣᠶ ᠪᠣᠯᠪᠠ᠃ ᠰᠢᠷᠠᠮᠥ᠋ᠷᠡᠨ ᠪᠠᠯᠭᠠᠰᠤ ᠵᠢᠭᠤᠯᠴᠢᠯᠠᠯ ᠤᠨ ᠡᠬᠢ | ᠪᠠᠶᠠᠯᠢᠭ ᠤᠨ ᠲᠠᠯ᠎ᠠ ᠪᠠᠷ ᠤᠯᠠᠨ ᠠᠴᠠ ᠣᠨᠴᠠᠭᠠᠢ ᠪᠠᠶᠢᠵᠤ᠂ 2020 ᠣᠨ ᠳᠤ ᠵᠤᠭᠠᠴᠠᠭᠰᠠᠳ ᠢ ᠨᠡᠶᠢᠳᠡ 76 | ᠲᠦᠮᠡᠨ ᠬᠥᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ ᠶᠢ 5 ᠳ᠋ᠦᠩᠰᠢᠭᠤᠷ ᠲᠥᠭᠦᠷᠢᠭ ᠲᠤ | ᠬᠦᠷᠭᠡᠵᠦ᠂ 2019 ᠣᠨ ᠤ ᠪᠦᠬᠦ ᠵᠢᠯ ᠤᠨ ᠵᠢᠭᠤᠯᠴᠢᠯᠠᠯ ᠤᠨ ᠣᠷᠣᠯᠭ᠎ᠠ ᠶᠢᠨ 65% ᠳᠤ ᠬᠦᠷᠴᠡᠢ᠃ | ᠪᠥᠬᠦ ᠪᠠᠯᠭᠠᠰᠤᠨ ᠳᠤ ᠨᠡᠶᠢᠲᠡ 3 ᠭᠠᠴᠠᠭ᠎ᠠ᠂ 73 ᠬᠤᠲᠠ ᠶᠢᠨ ᠤᠰᠤ᠂ ᠨᠡᠶᠢᠲᠡ 1233 ᠡᠷᠦᠬᠡ ᠶᠢᠨ | ᠲᠤᠭ᠎ᠠ ᠪᠠᠶᠢᠵᠤ᠂ ᠨᠡᠶᠢᠲᠡ 2489 ᠬᠥᠮᠦᠨ ᠠᠮᠠ ᠲᠠᠢ᠂ ᠪᠠᠶᠢᠩᠭᠤ ᠰᠠᠭᠤᠭ᠎ᠠ ᠬᠥᠮᠦᠨ ᠠᠮᠠ 1560 ᠬᠥᠮᠦᠨ | ᠪᠠᠶᠢᠨ᠎ᠠ᠃ ᠮᠠᠨ ᠤ ᠪᠠᠯᠭᠠᠰᠤᠨ ᠳᠤ ᠨᠡᠶᠢᠲᠡ 9 ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ 10 ᠬᠥᠮᠦᠨ᠂ 5 | ᠪᠠᠲᠤᠯᠠᠭᠠᠲᠤ ᠡᠷᠦᠬᠡ 6 ᠡᠷᠦᠬᠡ ᠪᠣᠶ᠃ | ᠪᠦᠬᠦ ᠪᠠᠯᠭᠠᠰᠤᠨ ᠳᠤ ᠨᠡᠶᠢᠲᠡ 5 ᠨᠠᠮ ᠤᠨ ᠡᠭᠦᠷ ︵ᠪᠠᠶᠢᠭᠤᠯᠭ᠎ᠠ ᠶᠢᠨ ᠡᠭᠦᠷ᠂ ᠬᠥᠬᠡ ᠳᠡᠷᠡᠰᠦ | ᠭᠠᠴᠠᠭᠠᠨ ᠤ ᠡᠭᠦᠷ᠂ ᠬᠠᠷ᠎ᠠ ᠤᠰᠤ ᠭᠠᠴᠠᠭᠠᠨ ᠤ ᠡᠭᠦᠷ᠂ ᠪᠠᠶᠠᠨᠨᠠᠭᠤᠷ ᠭᠠᠴᠠᠭᠠᠨ ᠤ ᠡᠭᠦᠷ᠂ ᠠᠬᠠᠮᠠᠳ ᠺᠠᠳ᠋ᠷ ᠤᠨ | ᠡᠭᠦᠷ︶ ᠲᠠᠢ᠃ ᠨᠠᠮ ᠤᠨ ᠭᠡᠰᠢᠭᠦᠨ 190 ᠪᠠᠶᠢᠵᠦ᠂ ᠡᠭᠦᠨ ᠳᠤ ᠮᠠᠯᠴᠢᠨ ᠨᠠᠮ ᠤᠨ ᠭᠡᠰᠢᠭᠦᠨ 136᠂ | ᠪᠠᠶᠢᠭᠤᠯᠭ᠎ᠠ ᠶᠢᠨ ᠺᠠᠳ᠋ᠷ ᠨᠠᠮ ᠤᠨ ᠭᠡᠰᠢᠭᠦᠨ 26 ᠬᠥᠮᠥᠨ᠂ ᠠᠬᠠᠮᠠᠳ ᠺᠠᠳ᠋ᠷ ᠨᠠᠮ ᠤᠨ ᠭᠡᠰᠢᠭᠦᠨ 36 ᠬᠥᠮᠥᠨ | ᠪᠠᠶᠢᠪᠠ᠃ | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠳᠡᠭᠡᠳᠦ ᠱᠠᠲᠤᠨ ᠤ ᠲᠥᠷᠥ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠭᠰᠠᠨ | ᠲᠣᠭᠲᠠᠭᠠᠯ᠂ ᠵᠠᠷᠯᠢᠭ ᠪᠠ ᠤᠯᠤᠰ ᠠᠴᠠ ᠲᠣᠭᠲᠠᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ | ᠂ ᠠᠳᠠᠯᠢ ᠱᠠᠲᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠬᠦᠯᠢᠶᠡᠵᠦ᠂ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢ ᠬᠡᠷᠡᠭᠵᠢᠭᠦᠯᠬᠦ ᠶᠢᠨ ᠬᠠᠮᠲᠤ ᠰᠢᠢᠳᠪᠦᠷᠢ᠂ | ᠲᠣᠭᠲᠠᠭᠠᠯ ᠪᠠ ᠵᠠᠷᠯᠢᠭ ᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠦᠨ᠎ᠡ᠃ | ︵ᠬᠤᠶᠠᠷ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠤ ᠠᠬᠤᠶ ᠶᠢᠨ ᠲᠥᠯᠥᠪᠯᠡᠭᠡ ᠪᠠ ᠠᠷᠭ᠎ᠠ | ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠵᠢᠴᠢ ᠪᠤᠰᠤᠳ ᠠᠵᠤ ᠠᠬᠤᠶ ᠶᠢᠨ ᠲᠡᠩᠴᠡᠭᠦᠷᠢᠲᠡᠶ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ | ᠠᠷᠠᠳ ᠣᠯᠠᠨ ᠤ ᠠᠮᠢᠳᠤᠷᠠᠯ ᠤᠨ ᠬᠢᠷᠢ ᠬᠡᠮᠵᠢᠶ᠎ᠡ ᠪᠠ ᠠᠮᠢᠳᠤᠷᠠᠯ ᠤᠨ ᠶᠠᠰᠤ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ︵ᠭᠤᠷᠪᠠ︶ ᠤᠯᠤᠰ ᠤᠨ ᠥᠮᠴᠢᠯᠡᠯᠲᠦ ᠡᠳ᠋ ᠬᠥᠷᠥᠩᠭᠡ᠂ ᠬᠠᠮᠲᠤ ᠶᠢᠨ ᠡᠳ᠋ ᠬᠥᠷᠥᠩᠭᠡ ᠶᠢ ᠬᠠᠮᠢᠶᠠᠷᠬᠤ᠂ | ᠠᠵᠤ ᠠᠬᠤᠶᠢᠯᠠᠯ ᠪᠠ ᠡᠯ᠎ᠡ ᠵᠦᠢᠯ ᠤᠨ ᠠᠵᠤ ᠠᠬᠤᠶ ᠶᠢᠨ ᠬᠤᠯᠪᠣᠭᠠᠲᠤ ᠴᠣᠭᠴᠠ᠂ ᠬᠤᠪᠢ ᠶᠢᠨ ᠡᠷᠦᠬᠡ ᠶᠢᠨ | ᠤᠯᠤᠰ ᠤᠨ ᠬᠠᠤᠯᠢ ᠴᠠᠭᠠᠵᠠ᠂ ᠬᠠᠤᠯᠢ ᠵᠠᠷᠯᠢᠭ ᠪᠠᠲ᠋ᠥ᠋ᠷᠥ ᠶᠢᠨ ᠪᠣᠳᠣᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠠᠵᠤ | ᠠᠬᠤᠶ ᠶᠢᠨ ᠭᠡᠷ᠎ᠡ ᠶᠢ ᠭᠦᠢᠴᠡᠳᠬᠡᠨ᠎ᠡ᠃ | ︵ᠲᠦᠷᠪᠡ︶ ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠢ | ᠥᠷᠨᠢᠭᠦᠯᠵᠦ᠂ ᠠᠷᠠᠳ ᠢᠷᠭᠡᠳ ᠤᠨ ᠡᠷᠬᠡ ᠠᠰᠢᠭ ᠢ ᠪᠠᠲᠤᠯᠠᠬᠤ ᠬᠡᠷᠡᠭᠲᠡᠶ︔ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠡᠩᠬᠡ ᠲᠠᠶᠢᠪᠤᠩ ᠠᠮᠤᠷ ᠲᠦᠪᠰᠢᠨ ᠢ ᠡᠭᠦᠳᠦᠨ ᠪᠠᠶᠢᠭᠤᠯᠬᠤ ᠠᠵᠢᠯ ᠤᠨ | ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ︔ ᠨᠡᠶᠢᠭᠡᠮ ᠤᠨ | ᠲᠣᠭᠤᠷᠢᠭ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠨᠡᠭᠦᠳᠡᠯ ᠬᠥᠮᠦᠨ | ᠠᠮᠠ ᠶᠢ ᠬᠠᠤᠯᠢ ᠶᠣᠰᠣᠭᠠᠷ ᠬᠠᠮᠢᠶᠠᠷᠴᠤ᠂ ᠠᠷᠠᠳ ᠤᠨ ᠵᠠᠬᠢᠳᠠᠯ ᠰᠤᠷᠪᠤᠯᠵᠢᠯᠠᠯ ᠢ ᠰᠢᠢᠳᠪᠦᠷᠢᠯᠡᠵᠦ᠂ ᠠᠷᠠᠳ ᠤᠨ | ᠬᠤᠭᠤᠷᠣᠨᠳᠣᠬᠢ ᠵᠢᠭᠤᠷᠠᠯᠳᠤᠭᠠᠨ ᠢ ᠡᠶᠡᠳᠡᠭᠦᠯᠦᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ | ︵ᠲᠠᠪᠤ︶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠯᠡᠭᠡ ᠶᠢ | ᠲᠣᠭᠲᠠᠭᠠᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠠᠷᠠᠳ ᠤᠨ ᠶᠠᠪᠤᠳᠠᠯ | ᠂ ᠷᠠᠳᠢᠣ᠋ ᠲᠧᠯᠸᠢᠰ᠂ ᠰᠣᠶᠣᠯ᠂ ᠪᠡᠶ᠎ᠡ ᠲᠠᠮᠢᠷ ᠤᠨ ᠦᠢᠯᠡᠰ ᠢ ᠬᠥᠭᠵᠢᠭᠦᠯᠦᠨ᠎ᠡ︔ ᠠᠯᠪᠠᠨ ᠵᠢᠷᠤᠮ ᠤᠨ ᠰᠤᠷᠭᠠᠨ | ᠬᠥᠮᠦᠵᠢᠯ ᠪᠠ ᠪᠤᠰᠤᠳ ᠡᠯ᠎ᠡ ᠲᠥᠷᠥᠯ ᠤᠨ ᠰᠤᠷᠭᠠᠨ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠲᠥᠯᠥᠪᠯᠡᠭᠡᠲᠦ ᠦᠷᠡᠵᠢᠯ ᠤᠨ ᠠᠵᠢᠯ ᠢ ᠴᠢᠩᠭᠠᠳᠬᠠᠨ᠎ᠠ︔ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠰᠠᠷᠠᠮᠵᠢ ᠪᠠ | ᠨᠠᠰᠤᠵᠢᠯ ᠤᠨ ᠳᠠᠭᠠᠳᠬᠠᠯ ᠤᠨ ᠠᠵᠢᠯ ᠢ ᠠᠬᠢᠭᠤᠯᠤᠨ᠎ᠠ︔ ᠠᠮᠤᠷ ᠲᠦᠪᠰᠢᠨ᠂ ᠬᠥᠳᠡᠯᠮᠦᠷᠢ᠂ ᠪᠠᠲᠤᠯᠠᠭ᠎ᠠ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠦᠲᠡᠭᠦᠰ ᠵᠢᠴᠢ ᠱᠠᠰᠢᠨ ᠰᠤᠷᠲᠠᠬᠤᠨ᠂ ᠬᠠᠷᠢᠶᠠᠲᠤ ᠶᠢᠨ ᠶᠠᠪᠤᠳᠠᠯ | ᠵᠡᠷᠭᠡ ᠠᠵᠢᠯ ᠢ ᠰᠠᠶᠢᠲᠤᠷ ᠬᠢᠨ᠎ᠡ᠃ | ︵ᠵᠢᠷᠭᠤᠭ᠎ᠠ︶ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠡᠮᠡᠭᠲᠡᠶᠢᠴᠦᠳ ᠲᠤ ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ᠂ ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠪᠠ ᠤᠷᠤᠭ ᠤᠨ ᠡᠷᠬᠡ ᠴᠢᠯᠦᠭᠡ | ᠣᠯᠭᠤᠬᠤ ᠵᠡᠷᠭᠡ ᠡᠯ᠎ᠡ ᠵᠦᠢᠯ ᠤᠨ ᠡᠷᠬᠡ ᠶᠢ ᠪᠠᠲᠤᠯᠠᠨ᠎ᠠ᠃ | ︵ᠳᠤᠯᠤᠭ᠎ᠠ︶ ᠪᠠᠯᠭᠠᠰᠤᠨ ᠤ ᠱᠠᠲᠤᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠪᠠᠯᠭᠠᠰᠤᠨ ᠤ ᠡᠳ᠋ ᠤᠨ ᠵᠠᠰᠠᠭ ᠤᠨ ᠣᠷᠣᠯᠭ᠎ᠠ ᠪᠠ ᠵᠠᠷᠤᠯᠭ᠎ᠠ ᠶᠢ ᠲᠥᠯᠥᠪᠯᠡᠭᠡ ᠶᠣᠰᠣᠭᠠᠷ ᠵᠣᠬᠢᠶᠠᠨ ᠪᠠᠢᠭᠤᠯᠤᠨ | ᠬᠠᠮᠢᠶᠠᠷᠴᠤ᠂ ᠤᠯᠤᠰ ᠤᠨ ᠬᠤᠯᠪᠣᠭᠳᠠᠯ ᠪᠥᠬᠦᠢ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠪᠠ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠶᠢᠨ ᠪᠡᠶᠡᠯᠡᠭᠳᠡᠬᠦ ᠶᠢ | ᠪᠠᠲᠤᠯᠠᠨ᠎ᠠ︔ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠨ᠎ᠡ᠃ | ︵ᠨᠠᠢᠮᠠ︶ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ | ᠳᠦᠷᠢᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠵᠢᠯᠣᠭᠤᠳᠴᠤ᠂ ᠳᠡᠮᠵᠢᠵᠦ᠂ | ᠬᠠᠪᠰᠤᠷᠴᠤ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠠᠷᠠᠳᠴᠢᠯᠠᠭᠰᠠᠨ ᠥᠪᠡᠷᠲᠡᠭᠡᠨ ᠵᠠᠰᠠᠬᠤ | ᠶᠢ ᠠᠬᠢᠭᠤᠯᠤᠨ᠎ᠠ᠃ | ︵ᠶᠢᠰᠦ︶ ᠪᠠᠯᠭᠠᠰᠤ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠪᠠ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠨᠡᠶᠢᠲᠡ ᠶᠢᠨ ᠬᠡᠷᠡᠭᠯᠡᠭᠡ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ᠂ | ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠵᠢᠴᠢ ᠭᠡᠷ ᠪᠠᠶᠢᠰᠢᠩ ᠭᠠᠵᠠᠷ ᠰᠢᠷᠣᠶ ᠶᠢᠨ | ᠬᠠᠮᠢᠶᠠᠷᠤᠯᠲᠠ ᠪᠠ ᠣᠷᠴᠢᠨ ᠠᠬᠤᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ | ᠠᠮᠢᠳᠤᠷᠠᠯ ᠤᠨ ᠣᠷᠴᠢᠨ ᠠᠬᠤᠶ ᠪᠠ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠤᠨ᠎ᠠ᠃ | ︵ᠠᠷᠪᠠ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠪᠠᠯᠭᠠᠰᠤᠨ ᠳᠤ ᠬᠠᠷᠢᠶᠠᠯᠠᠭᠳᠠᠬᠤ ᠦᠭᠡᠢ | ᠲᠥᠷᠥ ᠶᠢᠨ ᠪᠠᠶᠢᠭᠤᠯᠭ᠎ᠠ ᠪᠠ ᠠᠵᠤ ᠠᠬᠤᠢᠯᠠᠯ ᠠᠵᠢᠯ ᠦᠢᠯᠡᠰ ᠤᠨ ᠨᠢᠭᠡᠴᠢ ᠶᠢ ᠲᠤᠰᠯᠠᠬᠤ ᠪᠠ ᠬᠠᠪᠰᠤᠷᠤᠨ | ᠳᠡᠮᠵᠢᠵᠦ᠂ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠵᠢᠷᠤᠮᠯᠠᠨ | ᠰᠠᠬᠢᠬᠤ ᠪᠠ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ | ︵ᠠᠷᠪᠠᠨ ᠨᠢᠭᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃ | ᠰᠢᠯᠢᠳᠡᠭᠵᠢᠭᠦᠯᠦᠨ ᠬᠠᠮᠵᠢᠯᠴᠠᠭᠤᠯᠵᠤ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠶᠣᠰᠣᠭᠠᠷ᠂ ᠰᠢᠷᠠᠮᠥ᠋ᠷᠡᠨ | ᠪᠠᠯᠭᠠᠰᠤᠨ ᠳᠤ ᠳᠣᠤᠷᠠᠬᠢ ᠮᠡᠲᠦ ᠨᠠᠮ ᠵᠠᠰᠠᠭ ᠤᠨ ᠪᠠᠶᠢᠭᠤᠯᠤᠮᠵᠢ ᠪᠠ ᠠᠵᠢᠯ ᠦᠢᠯᠡᠰ ᠤᠨ ᠨᠢᠭᠡᠴᠢ ᠶᠢ ᠨᠢᠭᠡᠳᠦᠯᠲᠡᠶ | ᠲᠥᠯᠥᠪᠯᠡᠨ ᠲᠣᠬᠢᠷᠠᠭᠤᠯᠪᠠ᠄ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ︔ ᠠᠷᠠᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠤᠨ ᠠᠵᠢᠯ ᠢ | ᠬᠠᠷᠢᠭᠤᠴᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ | ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ | ᠬᠠᠷᠢᠭᠤᠴᠠᠨ᠎ᠠ︔ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠠᠵᠢᠯ ᠢ | ᠡᠭᠦᠷᠭᠡᠯᠡᠨ᠎ᠡ᠃ | ︵ᠬᠤᠶᠠᠷ︶ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ | ᠱᠤᠭᠤᠮ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ | ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠬᠠᠷᠢᠭᠤᠴᠠᠨ᠎ᠠ︔ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ | ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | ︵ᠭᠤᠷᠪᠠ︶ ᠨᠡᠶᠢᠭᠡᠮ ᠤᠨ ᠵᠠᠰᠠᠯᠲᠠ ᠶᠢᠨ ᠠᠯᠪᠠᠨ ᠭᠡᠷ᠃ ᠭᠤᠤᠯ ᠡᠭᠦᠷᠭᠡ ᠬᠠᠷᠢᠭᠤᠴᠠᠯᠭ᠎ᠠ᠄ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠠᠮᠤᠷ ᠲᠦᠪᠰᠢᠨ ᠤ ᠰᠠᠶᠢᠨ | ᠨᠥᠬᠦᠴᠡᠯᠳᠦᠯ ᠢ ᠪᠡᠶᠡᠯᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ | ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠶᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠠᠷᠠᠳ ᠤᠨ | ᠵᠡᠪᠰᠡᠭᠲᠦ ᠬᠦᠴᠦᠨ ᠵᠡᠷᠭᠡ ᠠᠵᠢᠯ ᠢ ᠬᠠᠷᠢᠭᠤᠴᠠᠨ᠎ᠠ︔ ᠲᠤᠤᠷ ᠰᠦᠯᠵᠢᠶᠡᠵᠢᠯᠲᠡ ᠶᠢᠨ ᠠᠵᠢᠯ ᠢ ᠬᠠᠷᠢᠭᠤᠴᠠᠨ᠎ᠠ︔ | ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠰᠣᠶᠣᠯ ᠪᠡᠶ᠎ᠡ ᠲᠠᠮᠢᠷ᠂ | ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ | ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ | ︵ᠲᠦᠷᠪᠡ︶ ᠠᠵᠤ ᠠᠬᠤᠶ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠭᠤᠣᠯ | ᠡᠭᠦᠷᠭᠡ ᠬᠠᠷᠢᠭᠤᠴᠠᠯᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠠᠵᠢᠯ ᠢ | ᠬᠠᠷᠢᠭᠤᠴᠠᠵᠤ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠤᠰᠬᠠᠢ ᠬᠤᠷᠰᠢᠶ᠎ᠠ ᠶᠢᠨ | ᠬᠠᠮᠢᠶᠠᠷᠤᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ︔ ᠬᠤᠲᠠ ᠪᠠᠯᠭᠠᠰᠤᠨ ᠤ | ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ︵ᠲᠠᠪᠤ︶ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠷᠠᠮᠥ᠋ᠷᠡᠨ ᠪᠠᠯᠭᠠᠰᠤᠨ ᠤ ᠨᠠᠮ ᠣᠯᠠᠨ | ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ | ᠪᠠᠭᠤᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ ᠤᠨ ᠫᠠᠶᠢᠰᠠ︶᠃ ᠭᠤᠤᠯ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠣᠯᠠᠨ ᠲᠦᠮᠡᠨ ᠤ | ᠦᠢᠯᠡᠴᠢᠯᠡᠭᠡᠨ ᠤ ᠲᠦᠰᠦᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠵᠤᠬᠢᠴᠢᠯᠠᠭᠤᠯᠤᠯᠲᠠ ᠪᠠ | ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ | ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ | ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ | ᠬᠠᠷᠢᠭᠤᠴᠠᠨ᠎ᠠ︔ ᠴᠡᠷᠢᠭ ᠠᠴᠠ ᠪᠠᠭᠤᠭᠰᠠᠳ ᠤᠨ ᠠᠵᠢᠯ ᠣᠯᠵᠤ ᠦᠢᠯᠡᠰ ᠪᠣᠰᠬᠠᠬᠤ ᠶᠢ ᠲᠡᠳᠬᠦᠨ ᠳᠡᠮᠵᠢᠬᠦ᠂ | ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ᠂ ᠡᠷᠬᠡ | ᠠᠰᠢᠭ ᠢ ᠪᠠᠲᠤᠯᠠᠬᠤ ᠵᠡᠷᠭᠡ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠴᠡᠷᠢᠭ ᠢᠶᠠᠨ ᠬᠦᠷᠢᠶᠡᠯᠡᠨ | ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠡᠭᠦᠷᠭᠡᠯᠡᠨ᠎ᠡ︔ ᠰᠤᠮᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠳᠡᠭᠡᠳᠦ ᠱᠠᠲᠤᠨ ᠤ ᠲᠤᠰᠢᠶᠠᠭᠰᠠᠨ ᠪᠤᠰᠤᠳ | ᠠᠵᠢᠯ ᠢ ᠪᠡᠶᠡᠯᠡᠭᠦᠯᠦᠨ᠎ᠡ᠃ | ︵ᠵᠢᠷᠭᠤᠭ᠎ᠠ︶ ᠳᠠᠷᠬᠠᠨ ᠮᠤᠤᠮᠢᠩᠭᠠᠨ ᠤ ᠬᠤᠯᠪᠣᠭᠠᠲᠤ ᠬᠤᠰᠢᠭᠤᠨ ᠤ ᠰᠢᠷᠠᠮᠦ᠋ᠷᠡᠨ ᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠃ ᠭᠤᠣᠯ ᠡᠭᠦᠷᠭᠡ ᠬᠠᠷᠢᠭᠤᠴᠠᠯᠭ᠎ᠠ᠄ | ᠰᠢᠷᠠᠮᠥ᠋ᠷᠡᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠣᠯᠭᠤᠭᠰᠠᠨ ᠰᠤᠮᠤ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ | ᠬᠡᠷᠡᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠶᠢᠨ ᠨᠠᠶᠢᠳᠠᠯᠭ᠎ᠠ ᠶᠢ ᠬᠦᠯᠢᠶᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠥᠷᠨᠢᠭᠦᠯᠦᠨ᠎ᠡ︔ ᠳᠡᠭᠡᠳᠦ ᠱᠠᠲᠤᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ︵ᠳᠤᠯᠤᠭ᠎ᠠ︶ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠷᠠᠮᠦ᠋ᠷᠡᠨ ᠪᠠᠯᠭᠠᠰᠤᠨ ᠤ ᠲᠠᠷᠢᠶᠠᠯᠠᠩ | ᠮᠠᠯ ᠠᠵᠤ ᠠᠬᠤᠢ ᠪᠠ ᠠᠶᠠᠯᠠᠯ ᠵᠢᠭᠤᠯᠴᠢᠯᠠᠯ ᠤᠨ ᠬᠥᠭᠵᠢᠯ ᠤᠨ ᠲᠥᠪ᠃ ᠭᠤᠤᠯ ᠡᠭᠦᠷᠭᠡ ᠬᠠᠷᠢᠭᠤᠴᠠᠯᠭ᠎ᠠ᠄ | ᠭᠤᠤᠯᠳᠠᠭᠤ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ | ᠣᠷᠣᠭᠤᠯᠤᠨ ᠠᠪᠴᠢᠷᠠᠵᠤ ᠳᠡᠯᠭᠡᠷᠡᠭᠦᠯᠬᠦ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠥᠭᠵᠢᠭᠦᠯᠦᠨ᠎ᠡ︔ | ᠮᠠᠯ ᠠᠵᠤ ᠠᠬᠤᠶ ᠮᠠᠯ ᠡᠮᠨᠡᠯᠭᠡ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ | ᠠᠵᠢᠯ ᠢ ᠬᠥᠭᠵᠢᠭᠦᠯᠦᠨ᠎ᠡ︔ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠪᠠ ᠭᠠᠴᠠᠭᠠᠨ ᠤ | ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠢ ᠬᠢᠨᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ | ︔ ᠣᠶ ᠰᠢᠭᠤᠶ᠂ ᠭᠠᠵᠠᠷ ᠰᠢᠷᠣᠶ ᠵᠡᠷᠭᠡ ᠡᠬᠢ ᠪᠠᠶᠠᠯᠢᠭ ᠢ ᠬᠠᠮᠠᠭᠠᠯᠠᠬᠤ᠂ ᠨᠡᠭᠡᠭᠡᠨ ᠬᠥᠭᠵᠢᠭᠦᠯᠬᠦ᠂ ᠠᠰᠢᠭᠯᠠᠬᠤ | ᠵᠢᠴᠢ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠮᠡᠷᠭᠡᠵᠢᠯ ᠢ ᠵᠢᠯᠣᠭᠤᠳᠬᠤ ᠪᠠ ᠦᠢᠯᠡᠴᠢᠯᠡᠬᠦ ᠠᠵᠢᠯ ᠢ | ᠬᠠᠷᠢᠭᠤᠴᠠᠨ᠎ᠠ︔ ᠪᠠᠯᠭᠠᠰᠤᠨ ᠤ ᠵᠢᠭᠤᠯᠴᠢᠯᠠᠯ ᠤᠨ ᠦᠢᠯᠡᠰ ᠤᠨ ᠬᠠᠮᠢᠶ᠎ᠠ ᠪᠦᠬᠦᠢ ᠵᠠᠰᠠᠯᠲᠠ᠂ ᠬᠥᠭᠵᠢᠯᠲᠡ ᠶᠢᠨ | ᠶᠠᠪᠤᠳᠠᠯ ᠢ ᠬᠠᠷᠢᠭᠤᠴᠠᠨ᠎ᠠ︔ ᠳᠡᠭᠡᠳᠦ ᠱᠠᠲᠤᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠠᠯᠪᠠᠯᠠᠬᠤ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠷᠠᠮᠦ᠋ᠷᠡᠨ ᠪᠠᠯᠭᠠᠰᠤ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨ᠎ᠡ 8᠄ 30 — 12 | ᠄ 00 ᠴᠠᠭ᠂ ᠦᠳᠡ ᠶᠢᠨ ᠬᠤᠶᠢᠨ᠎ᠠ 14᠄ 30 — 17᠄ 30 ᠴᠠᠭ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ᠃ | ᠬᠠᠷᠢᠭᠤᠴᠠᠯᠭᠠᠲᠠᠨ᠄ ᠵᠣᠣ ᡁᠢ ᠸᠧᠨ | ᠬᠠᠷᠢᠯᠴᠠᠬᠤ ᠤᠲᠠᠰᠤ᠄ 0472 — 8313101 |