9 ᠰᠠᠷ᠎ᠠ ᠶᠢᠨ 15 ᠤ ᠡᠳᠦᠷ ︽ᠲᠤᠯᠠᠭᠠᠯᠠᠭ᠎ᠠ ᠶᠢᠨ ᠢᠨᠵᠧᠨᠧᠷᠢᠩ︾ ᠢ ᠳᠠᠭᠤᠰᠬᠠᠵᠤ ᠠᠷᠠᠳ ᠢᠷᠭᠡᠳ ᠤᠨ ᠵᠣᠯ ᠵᠢᠷᠭᠠᠯ ᠢ ᠤᠯᠠᠮ ᠨᠢᠭᠡ ᠠᠯᠬᠤᠮ ᠨᠡᠮᠡᠭᠳᠡᠬᠦᠯᠬᠦ ᠪᠤᠯᠤᠨ᠎ᠠ
ᠨᠡᠶᠢᠲᠡᠯᠡᠭᠰᠡᠨ ᠴᠠᠭ᠄
2024/8/22
      ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠤᠷ᠂ ᠠᠰᠠᠷ ᠤᠨ ᠳᠣᠲᠣᠷᠠᠬᠢ ᠪᠤᠰᠤᠭ᠎ᠠ ᠬᠤᠭᠤᠯᠠᠢ ᠂ ᠢᠯᠴᠢ ᠰᠣᠯᠢᠯᠴᠠᠬᠤ ᠥᠷᠲᠡᠭᠡ ᠶᠢ ᠰᠢᠨᠡᠳᠬᠡᠨ ᠥᠭᠡᠷᠡᠴᠢᠯᠡᠵᠦ᠂ 2024 - 2025 ᠢᠯᠴᠢ ᠬᠠᠩᠭᠠᠬᠤ ᠤᠯᠠᠷᠢᠯ ᠪᠣᠯᠬᠤ ᠠᠴᠠ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2295 ᠲᠦᠮᠡᠨ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠶᠢᠨ  ︽ᠳᠤᠯᠠᠭᠠᠨ ᠢᠨᠵᠧᠨᠧᠷᠢᠩ︾ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠣᠳᠣᠬᠠᠨ ᠳᠤ ᠪᠠᠷᠢᠯᠭ᠎ᠠ ᠶᠢᠨ ᠠᠵᠢᠯ ᠤᠨ ᠬᠡᠮᠵᠢᠶ᠎ᠡ ᠶᠢᠨ 80% ᠶᠢ ᠨᠢᠭᠡᠨᠲᠡ ᠪᠡᠶᠡᠯᠡᠭᠦᠯᠵᠦ᠂ ᠵᠢᠱᠢᠯᠲᠡ ᠪᠠᠷ 9 ᠰᠠᠷ᠎ᠠ ᠶᠢᠨ 15 ᠤ ᠡᠳᠦᠷ ᠪᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ  ᠳᠠᠭᠤᠰᠬᠠᠨ᠎ᠠ᠃     8 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠶᠢᠨ ᠱᠠᠨ ᠵᠢᠶᠤᠤ ᠂  ᠰᠢ ᠸᠠᠩ ᠵᠢᠶᠠ ᠶᠤᠸᠠᠨ ᠨᠢᠭᠡᠳᠦᠭᠡᠷ ᠬᠤᠭᠤᠴᠠᠭ᠎ᠠ᠂ ᠪᠠᠢ ᠯᠢᠩ ᠬᠤᠸᠠ ᠶᠤᠸᠠᠨ ᠵᠡᠷᠭᠡ ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠠᠵᠢᠯ ᠤᠨ ᠭᠠᠵᠠᠷ ᠲᠤ  ᠬᠦᠷᠬᠦ ᠳᠤ ᠭᠠᠵᠠᠷ ᠪᠣᠯᠭᠠᠨ ᠳᠤ ᠬᠠᠯᠠᠭᠤᠨ ᠠᠭᠤᠷ  ᠪᠠᠭᠠᠬᠢᠨ ᠡᠷᠴᠢ ᠵᠤᠷᠢᠭ ᠲᠡᠬᠦᠯᠳᠡᠷ ᠪᠠᠶᠢᠵᠤ᠂ ᠡᠭᠦᠨ ᠳᠤ ᠪᠠᠢ ᠯᠢᠩ ᠬᠤᠸᠠ ᠶᠤᠸᠠᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠨᠢ ᠨᠢᠭᠡᠨᠲᠡ ᠬᠠᠭᠤᠴᠢᠨ ᠬᠤᠭᠤᠯᠠᠢ ᠶᠢᠨ ᠲᠣᠣᠷ ᠢ ᠰᠤᠯᠢᠵᠤ ᠂  ᠪᠤᠴᠠᠭᠠᠨ ᠬᠠᠲᠠᠭᠤᠷᠠᠭᠤᠯᠬᠤ ᠠᠵᠢᠯ ᠢ ᠬᠢᠵᠦ  ᠪᠠᠶᠢᠪᠠ᠂᠂ ᠶᠢᠨ ᠱᠠᠨ ᠵᠢᠶᠤᠤ ᠰᠠᠭᠤᠭᠠᠯᠢ ᠲᠣᠭᠤᠷᠢᠭ  ᠤᠨ ᠬᠦᠷᠢᠶᠡᠨ ᠲᠤᠳᠤᠷ᠎ᠠ ᠶᠠᠭ  ᠵᠠᠮ ᠢ ᠡᠭᠡᠭᠦᠯᠦᠨ ᠪᠥᠭᠯᠡᠬᠦ ᠵᠢᠴᠢ ᠬᠠᠲᠠᠭᠤᠷᠠᠭᠤᠯᠬᠤ ᠠᠵᠢᠯ ᠬᠢᠵᠦ᠂ ᠰᠢ ᠸᠠᠩ ᠵᠢᠶᠠ ᠶᠤᠸᠠᠨ ᠨᠢᠭᠡᠳᠦᠭᠡᠷ ᠬᠤᠭᠤᠴᠠᠭ᠎ᠠ ᠰᠠᠭᠤᠭᠠᠯᠢ ᠲᠤᠭᠤᠷᠢᠭ ᠨᠢ ᠬᠤᠭᠤᠯᠠᠢ ᠳᠡᠪᠢᠰᠬᠦ ᠠᠵᠢᠯ ᠢᠶᠠᠨ ᠨᠢᠬᠡᠨᠳᠡ ᠲᠠᠭᠤᠰᠬᠠᠵᠤ᠂  ᠤᠳᠠᠯ ᠦᠬᠡᠢ ᠡᠭᠡᠭᠦᠯᠦᠨ  ᠪᠦᠭᠯᠡᠵᠦ ᠵᠠᠮ ᠢ ᠬᠠᠲᠠᠭᠤᠷᠠᠭᠤᠯᠬᠤ ᠠᠵᠢᠯ ᠢᠶᠠᠨ ᠬᠢᠵᠦ ᠡᠬᠢᠯᠡᠬᠦ ᠭᠡᠵᠦ ᠪᠠᠶᠢᠨ᠎ᠠ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 4 ᠰᠠᠷ᠎ᠠ ᠶᠢᠨ ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠦᠭᠰᠡᠨ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠬᠠᠮᠢᠶ᠎ᠠ ᠪᠥᠬᠦᠶ ᠨᠢᠭᠡᠴᠡ ᠪᠣᠯᠤᠨ ᠢᠯᠴᠢ ᠬᠠᠩᠭᠠᠬᠤ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ ᠣᠶᠢᠷ᠎ᠠ ᠶᠢᠨ ᠬᠤᠶᠠᠷ ᠵᠢᠯ ᠤᠨ ᠳᠤᠯᠠᠭᠠᠯᠠᠭ᠎ᠠ ᠶᠢᠨ ᠤᠯᠠᠷᠢᠯ ᠳᠤ ᠪᠥᠬᠦ ᠬᠤᠰᠢᠭᠤᠨ ᠤ ᠢᠯᠴᠢ ᠬᠠᠩᠭᠠᠬᠤ ᠵᠡᠷᠭᠡ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠮᠬᠢᠯᠡᠨ ᠵᠠᠳᠠᠯᠵᠤ ᠰᠤᠳᠤᠯᠤᠨ᠂ ᠢᠯᠴᠢ ᠬᠠᠩᠭᠠᠬᠤ ᠴᠢᠳᠠᠪᠤᠷᠢ ᠵᠢᠴᠢ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠣᠲᠣ ᠪᠣᠯᠲᠠᠯ᠎ᠠ᠂ ᠨᠢᠭᠡᠨᠲᠡ ᠪᠣᠶ ᠪᠥᠬᠦᠶ ᠰᠠᠭᠤᠭᠠᠯᠢ ᠲᠣᠭᠤᠷᠢᠭ ᠤᠨ ᠬᠠᠭᠤᠴᠢᠨ ᠬᠤᠭᠤᠯᠠᠶ ᠶᠢᠨ ᠲᠣᠤᠷ ᠢ ᠰᠣᠯᠢᠬᠤ ᠶᠢ ᠪᠡᠶᠡᠯᠡᠭᠦᠯᠵᠦ᠂ 50 ᠬᠡᠰᠡᠭ ᠤᠲᠠᠰᠤ ᠥᠬᠡᠶ ᠳᠤᠯᠠᠭᠠᠨ ᠤ ᠬᠡᠮᠵᠢᠭᠦᠷ ᠤᠭᠰᠠᠷᠠᠵᠤ᠂ ᠠᠯᠤᠰ ᠠᠴᠠ ᠡᠵᠡᠮᠳᠡᠬᠦ᠂ ᠲᠤᠭ᠎ᠠ ᠪᠠᠷᠢᠮᠲᠠ ᠴᠤᠭᠯᠠᠭᠤᠯᠬᠤ᠂ ᠣᠶᠤᠨᠴᠢ ᠬᠤᠪᠢᠶᠠᠨ ᠡᠵᠡᠮᠳᠡᠬᠦ ᠶᠡᠭᠡ ᠳᠡᠯᠭᠡᠴᠡ ᠶᠢ ᠨᠡᠮᠡᠭᠰᠡᠨ ᠪᠥᠭᠡᠳ ᠣᠲᠣ ᠶᠢᠨ ᠪᠠᠶᠢᠭ᠎ᠠ ᠣᠶᠤᠨᠴᠢ ᠢᠯᠴᠢ ᠬᠠᠩᠭᠠᠬᠤ ᠵᠥᠭᠡᠯᠡᠨ ᠲᠣᠨᠤᠭ᠂ ᠵᠣᠴᠢᠨ ᠤ ᠦᠢᠯᠡᠴᠢᠯᠡᠭᠡᠨ ᠤ ᠵᠥᠭᠡᠯᠡᠨ ᠲᠣᠨᠤᠭ᠂ ᠰᠦᠢᠳᠭᠡᠯ ᠬᠤᠷᠢᠶᠠᠬᠤ ᠵᠥᠭᠡᠯᠡᠨ ᠲᠣᠨᠤᠭ ᠵᠡᠷᠭᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠤᠶᠤᠨᠲᠤ ᠢᠯᠴᠢ ᠬᠠᠩᠭᠠᠬᠤ ᠲᠠᠪᠴᠠᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃       ᠶᠢᠨ ᠱᠠᠨ ᠵᠢᠶᠤᠤ ᠰᠠᠭᠤᠭᠠᠯᠢ ᠲᠣᠭᠤᠷᠢᠭ ᠤᠨ ᠠᠷᠠᠳ ᠯᠢ ᠠᠪᠤᠭᠠᠢ ᠄ ︽  ᠶᠢᠨ ᠱᠠᠨ ᠵᠢᠶᠤᠤ ᠲᠣᠭᠤᠷᠢᠭ ᠨᠢ ᠠᠷᠪᠠ ᠭᠠᠷᠤᠶ ᠵᠢᠯ ᠤᠨ ᠬᠠᠭᠤᠴᠢᠨ ᠰᠠᠭᠤᠭᠠᠯᠢ ᠲᠣᠭᠤᠷᠢᠭ ᠪᠣᠯᠤᠭᠰᠠᠨ ᠪᠦᠭᠡᠳ ᠥᠩᠭᠡᠷᠡᠭᠰᠡᠨ ᠳᠤ ᠳᠤᠯᠠᠭᠠᠮᠵᠢ ᠨᠢ ᠢᠯᠴᠢ ᠬᠠᠩᠭᠠᠬᠤ ᠪᠠᠷ ᠠᠨᠠᠢ᠂ ᠲᠣᠰ ᠤᠳᠠᠭᠠᠨ ᠤ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠭᠰᠡᠨ ᠤ ᠳᠠᠷᠠᠭ᠎ᠠ᠂ ᠵᠢᠯ ᠪᠦᠷᠢ ᠶᠢᠨ ᠡᠪᠦᠯ ᠲᠠᠭᠠᠷᠠᠬᠤ ᠪᠠᠨ  ᠪᠤᠯᠢᠬᠤ ᠪᠠᠶᠢᠬᠤ ᠡ︾ ᠭᠡᠪᠡ᠃      ᠰᠢ ᠸᠠᠩ ᠵᠢᠶᠠ ᠶᠤᠸᠠᠨ ᠰᠠᠭᠤᠭᠠᠯᠢ ᠲᠣᠭᠤᠷᠢᠭ ᠤᠨ ᠠᠷᠠᠳ ᠭᠤᠤ ᠠᠪᠤᠭᠠᠢ ᠄ ︽ᠪᠢ ᠡᠨᠡ ᠰᠠᠭᠤᠭᠠᠯᠢ ᠲᠤᠭᠤᠷᠢᠭ ᠲᠤ ᠰᠠᠭᠤᠭᠠᠳ ᠨᠢᠭᠡᠨᠲᠡ ᠠᠷᠪᠠᠨ ᠲᠠᠪᠤᠨ ᠵᠢᠯ ᠪᠣᠯᠵᠠᠶ᠂  ᠰᠠᠭᠤᠭᠠᠯᠢ ᠲᠤᠭᠤᠷᠢᠭ ᠤᠨ ᠢᠯᠴᠢ ᠬᠠᠩᠭᠠᠬᠤ ᠶᠠᠰᠤ ᠴᠢᠨᠠᠷ ᠶᠡᠷᠦ ᠨᠢ ᠪᠣᠯᠬᠤ ᠦᠭᠡᠢ᠂  ᠶᠢᠰᠦ ᠶᠢᠨ ᠣᠨᠴᠠᠭᠠᠢ ᠬᠦᠢᠲᠡᠨ ᠲᠡᠷᠡ ᠬᠡᠳᠦᠨ ᠡᠳᠦᠷ᠂ ᠳᠤᠯᠠᠭᠠᠴᠠ ᠶᠢᠨ ᠲᠠᠯ᠎ᠠ ᠪᠠᠷ  ᠮᠠᠰᠢ ᠲᠤᠤᠷ᠎ᠠ ᠪᠠᠶᠢᠵᠤ᠂ ᠡᠨᠡ ᠵᠢᠯ ᠥᠭᠡᠷᠡᠴᠢᠯᠡᠵᠦ ᠪᠠᠷᠠᠭᠰᠠᠨ ᠤ ᠳᠠᠷᠠᠭ᠎ᠠ᠂ ᠡᠷᠦᠬᠡ ᠪᠣᠯᠭᠠᠨ ᠬᠠᠯᠠᠭᠤᠨ ᠪᠤᠯᠬᠤ ᠶᠢ ᠪᠢᠳᠡ ᠶᠡᠭᠡ ᠬᠦᠰᠡᠵᠦ ᠪᠠᠶᠢᠨ᠎ᠠ︾ ᠬᠡᠵᠡᠢ᠃       ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠰᠢᠶᠤᠤ ᠪᠥᠸᠧ ᠶᠢᠨ ᠲᠠᠨᠢᠯᠴᠠᠭᠤᠯᠤᠭᠰᠠᠨ ᠢᠶᠠᠷ᠂ ︽ᠲᠤᠯᠠᠭᠠᠯᠠᠭ᠎ᠠ ᠶᠢᠨ ᠢᠨᠵᠧᠨᠧᠷᠢᠩ︾ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ ᠵᠢᠷᠭᠤᠭᠠᠨ ᠶᠡᠭᠡ ᠭᠤᠤᠯᠳᠠᠯᠭ᠎ᠠ ᠲᠠᠢ ᠢᠨᠵᠧᠨᠧᠷᠢᠩ ᠤᠨ ᠨᠢᠭᠡ ᠪᠣᠯᠤᠭᠰᠠᠨ ᠪᠤᠯᠬᠤᠷ᠂ ᠠᠷᠠᠳ ᠤᠨ ᠰᠡᠳᠬᠢᠯ ᠤᠨ ᠬᠠᠯᠠᠭᠤᠨ ᠳᠤᠯᠠᠭᠠᠨ ᠲᠠᠢ ᠬᠤᠯᠪᠣᠭᠳᠠᠵᠤ ᠪᠠᠶᠢᠳᠠᠭ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠮᠠᠨ ᠤ ᠬᠤᠰᠢᠭᠤᠨ ᠤ ᠢᠯᠴᠢ ᠬᠠᠩᠭᠠᠬᠤ ᠬᠦᠷᠢᠶᠡᠨ ᠳᠤ ᠣᠷᠳᠣ ᠬᠤᠭᠤᠴᠠᠭ᠎ᠠ ᠪᠠᠷ ᠣᠷᠣᠰᠢᠵᠤ ᠪᠠᠶᠢᠭ᠎ᠠ  ᠭᠡᠮ ᠰᠤᠭᠤᠭ᠂ ᠬᠦᠴᠢᠷ ᠠᠰᠠᠭᠤᠳᠠᠯ ᠪᠠ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠲᠣᠭᠲᠠᠭᠠᠵᠤ᠂ ︽ᠲᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠪᠡ᠃ ︽ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 2295 ᠲᠦᠮᠡᠨ ᠲᠥᠭᠦᠷᠢᠭ ᠪᠠᠶᠢᠵᠤ᠂ ᠭᠤᠤᠯᠳᠠᠭᠤ ᠢᠯᠴᠢ ᠬᠠᠩᠭᠠᠬᠤ ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠤᠷ᠂  ᠠᠰᠠᠷ ᠤᠨ ᠳᠣᠲᠣᠷᠠᠬᠢ ᠪᠤᠰᠤᠭ᠎ᠠ ᠬᠤᠭᠤᠯᠠᠢ᠂ ᠢᠯᠴᠢ ᠰᠣᠯᠢᠯᠴᠠᠬᠤ ᠥᠷᠲᠡᠭᠡ᠂ ᠢᠯᠴᠢ ᠬᠠᠩᠭᠠᠬᠤ ᠶᠢ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ᠂ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠠᠯ᠎ᠠ ᠪᠠᠷ ᠰᠢᠨᠡᠳᠬᠡᠨ ᠥᠭᠡᠷᠡᠴᠢᠯᠡᠨ᠎ᠡ᠃ ᠣᠳᠣᠬᠠᠨ ᠳᠤ᠂ ᠪᠠᠷᠢᠯᠭ᠎ᠠ ᠶᠢᠨ ᠠᠵᠢᠯ ᠨᠢ ᠶᠡᠷᠦᠩᠬᠡᠶ ᠪᠠᠷᠢᠯᠭ᠎ᠠ ᠶᠢᠨ ᠠᠵᠢᠯ ᠤᠨ 80% ᠶᠢ ᠨᠢᠭᠡᠨᠲᠡ ᠪᠡᠶᠡᠯᠡᠭᠦᠯᠵᠦ᠂ ᠵᠢᠱᠢᠯᠲᠡ ᠪᠠᠷ 9 ᠰᠠᠷ᠎ᠠ ᠶᠢᠨ 15 ᠤ ᠡᠳᠦᠷ ᠪᠠᠷᠢᠯᠭ᠎ᠠ ᠶᠢᠨ ᠠᠵᠢᠯ ᠪᠥᠬᠦ ᠲᠠᠯ᠎ᠠ ᠪᠠᠷ ᠳᠠᠭᠤᠰᠤᠨ᠎ᠠ᠃ ᠠᠵᠢᠯ ᠳᠠᠭᠤᠰᠤᠭᠰᠠᠨ ᠤ ᠳᠠᠷᠠᠭ᠎ᠠ᠂ ᠢᠯᠴᠢ ᠬᠠᠩᠭᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠢᠯᠴᠢ ᠶᠢᠨ ᠬᠤᠬᠢᠷᠠᠯ ᠢ 2% ᠠᠴᠠ 3% ᠪᠠᠷ ᠪᠠᠭᠠᠰᠬᠠᠵᠤ᠂ ᠲᠦᠭ ᠲᠦᠮᠡᠨ ᠠᠶᠢᠯ ᠡᠷᠦᠬᠡ ᠳᠤ ᠨᠠᠩ ᠳᠤᠯᠠᠭᠠᠨ ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ ᠡᠳ᠋ᠯᠡᠭᠦᠯᠵᠦ᠂ ︿ᠲᠤᠯᠠᠭᠠᠯᠠᠭ᠎ᠠ ᠶᠢᠨ ᠢᠨᠵᠧᠨᠧᠷᠢᠩ﹀  ᠨᠢ ᠠᠷᠠᠳ ᠤᠨ ᠰᠡᠳᠬᠢᠯ ᠢ ᠦᠨᠡᠨᠬᠦ ᠳᠤᠯᠠᠭᠠᠴᠠᠭᠤᠯᠬᠤ ᠪᠣᠯᠤᠨ᠎ᠠ᠃ ᠯᠢᠦ ᠰᠢᠶᠤᠤ ᠪᠥᠸᠧ ᠄ ︽  ᠲᠠᠷᠠᠭᠠᠴᠢ ᠶᠢᠨ ᠠᠯᠬᠤᠮ ᠳᠤ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠲᠤᠬᠠᠭᠠᠯᠭ᠎ᠠ ᠪᠠᠯᠭᠠᠰᠤ ᠶᠢᠨ ᠶᠢᠨ ᠱᠠᠨ ᠵᠢᠶᠤᠤ ᠰᠠᠭᠤᠭᠠᠯᠢ ᠲᠣᠭᠤᠷᠢᠭ᠂ ᠰᠢ ᠸᠠᠩ ᠵᠢᠶᠠ ᠶᠤᠸᠠᠨ‌‍ᠰᠠᠭᠤᠭᠠᠯᠢ ᠲᠣᠭᠤᠷᠢᠭ ᠵᠡᠷᠭᠡ ᠥᠭᠡᠷᠡᠴᠢᠯᠡᠯᠲᠡ ᠶᠢᠨ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠪᠣᠷᠣᠭᠠᠨ ᠤ ᠤᠯᠠᠷᠢᠯ ᠪᠠ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠰᠠᠶᠢᠲᠤᠷ ᠬᠢᠵᠦ ᠂ ᠳᠤᠯᠠᠭᠠᠯᠠᠭ᠎ᠠ ᠶᠢᠨ ᠪᠤᠰᠤ ᠬᠤᠭᠤᠯᠠᠶ ᠶᠢᠨ ᠲᠣᠤᠷ ᠢ ᠵᠢᠭᠰᠠᠭᠠᠨ ᠪᠠᠶᠢᠴᠠᠭᠠᠬᠤ ᠪᠠ ᠰᠡᠯᠪᠢᠨ ᠵᠠᠰᠠᠵᠤ ᠬᠠᠮᠠᠭᠠᠯᠠᠬᠤ ᠶᠢ ᠴᠢᠩᠭᠠᠳᠬᠠᠨ᠂ ᠳᠤᠯᠠᠭᠠᠯᠠᠭ᠎ᠠ ᠶᠢᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ ᠵᠠᠰᠠᠬᠤ ᠠᠵᠢᠯ ᠤᠨ ᠪᠡᠯᠡᠳᠬᠡᠯ ᠲᠥᠰᠦᠯ ᠢ ᠲᠣᠭᠲᠠᠭᠠᠵᠤ᠂ ︽ᠲᠤᠯᠠᠭᠠᠯᠠᠭ᠎ᠠ ᠶᠢᠨ ᠢᠨᠵᠧᠨᠧᠷᠢᠩ︾ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠳᠤᠯᠠᠬᠤ ᠬᠡᠷᠡᠭᠳᠠᠢ︾ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号