ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤ ︽ᠤᠯᠠᠨ‌‍ᠲ᠋ᠦ᠋ᠮᠡᠨ ᠤ ᠪᠦᠯᠬᠦᠮ ᠤᠨ ᠣᠨᠴᠠᠯᠢᠨ ᠲᠡᠳᠭᠦᠭᠰᠡᠨ ᠬᠠᠯᠠᠮᠵᠢ︾ ᠰᠤᠷᠤᠯᠭ᠎ᠠ  ᠶᠢ ᠲᠡᠳᠭᠦᠭᠦ ᠮᠥᠩᠭᠦ ᠶᠢ ᠲᠠᠷᠬᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/22
      ᠡᠯᠪᠡᠭ  ᠬᠤᠷᠢᠶᠠᠯᠳᠠ ᠲᠠᠢ ᠠᠯᠲᠠᠨ ᠨᠠᠮᠤᠷ ᠤᠨ  8 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠤᠯᠠᠨ ᠲᠦᠮᠡᠨ ᠤ ᠪᠦᠯᠬᠦᠮ ᠤᠨ ᠣᠨᠴᠠᠯᠢᠨ ᠲᠡᠳᠭᠦᠭᠰᠡᠨ ᠬᠠᠯᠠᠮᠵᠢ︾ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠶᠠᠪᠤᠭᠤᠯᠵᠤ᠂ ᠦᠶ ᠣᠯᠠᠨ ᠰᠤᠷᠤᠭᠴᠢᠳ ᠤᠨ ᠰᠢᠷᠭᠠᠭᠤ ᠬᠠᠲᠠᠭᠤᠵᠢᠯᠲᠠᠶ ᠰᠤᠷᠤᠯᠴᠠᠵᠤ᠂ ᠬᠦᠴᠦᠯᠡᠨ ᠴᠢᠷᠮᠠᠶᠢᠬᠤ ᠶᠢ ᠤᠷᠮᠠᠰᠢᠭᠤᠯᠪᠠ᠃ ᠬᠤᠰᠢᠭᠤᠨ ᠤ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠳᠠᠳ ᠂ ᠬᠡᠷ ᠤᠨ ᠠᠬᠠᠮᠠᠳ᠂ ᠰᠣᠷᠣᠭᠴᠢ ᠶᠢᠨ ᠲᠥᠯᠥᠭᠡᠯᠡᠭᠴᠢ ᠵᠡᠷᠭᠡ 80 ᠭᠠᠷᠤᠶ ᠬᠥᠮᠦᠨ‌‍ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠳᠤ ᠣᠷᠣᠯᠴᠠᠵᠠᠶ᠃        ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠳᠡᠭᠡᠷ᠎ᠡ᠂  ᠬᠤᠷᠢᠨ ᠨᠡᠷᠡᠰ ᠰᠤᠷᠤᠭᠴᠢᠳ ᠲᠠᠶᠢᠰᠠᠨ ᠳᠤ ᠭᠠᠷᠴᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠠᠪᠴᠤ᠂ ᠲᠤᠰᠠᠯᠠᠮᠵᠢ ᠭᠥᠷᠳᠡᠭᠰᠡᠨ ᠭᠤᠷᠪᠠᠨ ᠰᠣᠷᠣᠭᠴᠢ ᠶᠢᠨ ᠲᠥᠯᠥᠭᠡᠯᠡᠭᠴᠢ ᠲᠣᠰ ᠲᠣᠰ ᠶᠠᠷᠢᠶ᠎ᠠ ᠲᠠᠯᠪᠢᠵᠤ ᠂᠂ᠬᠠᠮᠤᠭ ᠤᠨ ᠡᠭᠡᠯ ᠪᠣᠷᠣᠭᠵᠢᠭᠤᠨ ᠦᠭᠡ ᠬᠡᠯᠡ ᠪᠠᠷ ᠨᠡᠶᠢᠭᠡᠮ ᠤᠨ ᠡᠯ᠎ᠡ ᠡᠲᠡᠭᠡᠳ ᠲᠤ ᠲᠠᠯᠠᠷᠬᠠᠵᠤ ᠪᠠᠶᠢᠭ᠎ᠠ ᠰᠡᠳᠬᠢᠯᠭᠡ ᠪᠠᠨ ᠢᠯᠡᠳᠬᠡᠵᠦ᠂ ᠬᠤᠶᠢᠰᠢᠳᠠ ᠶᠢᠨ ᠰᠤᠷᠤᠯᠭ᠎ᠠ ᠠᠮᠢᠳᠤᠷᠠᠯ ᠳᠤᠮᠳᠠ ᠣᠯᠠᠨ ᠤ ᠬᠦᠰᠡᠯ ᠢ ᠬᠥᠰᠡᠷᠳᠡᠭᠦᠯᠬᠦ ᠥᠬᠡᠶ ᠪᠠᠷ ᠡᠷᠡᠮᠡᠬᠡᠶᠢᠯᠡᠨ ᠴᠢᠷᠮᠠᠶᠢᠵᠤ ᠂ ᠮᠡᠳᠡᠯᠭᠡ ᠪᠠ ᠴᠢᠳᠠᠪᠤᠷᠢ ᠪᠠᠷ ᠢᠶᠠᠨ ᠨᠤᠲᠤᠭ ᠤᠰᠤ ᠪᠤᠯᠤᠨ ᠨᠡᠶᠢᠭᠡᠮ ᠳᠤ ᠠᠴᠢ ᠬᠠᠷᠢᠭᠤᠯᠤᠨ᠎ᠠ ᠭᠡᠵᠦ ᠢᠯᠡᠳᠬᠡᠪᠡ᠃       ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠷᠬᠡᠪᠰᠢ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠬᠡᠷᠡᠭᠲᠡᠢ᠃ ᠲᠠᠷᠬᠠᠨ ᠮᠤᠤᠮᠢᠩᠭᠠᠨ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠶᠢᠨ ᠠᠯᠪᠠᠨ ᠭᠡᠷ ᠤᠨ ᠠᠵᠢᠯᠲᠡᠨ ᠸᠠᠩ ᠰᠢᠦ ᠯᠢ᠄ ︽ᠲᠤᠰ ᠤᠳᠠᠭᠠᠨ ᠤ ︿  ᠤᠯᠠᠨ ᠲᠦᠮᠡᠨ ᠤ  ᠪᠦᠯᠬᠦᠮ ᠤᠨ ᠣᠨᠴᠠᠯᠢᠨ ᠲᠡᠳᠭᠦᠭᠰᠡᠨ ᠬᠠᠯᠠᠮᠵᠢ﹀  ᠰᠤᠷᠤᠯᠭ᠎ᠠ ᠶᠢᠨ ᠲᠡᠳᠭᠦᠮᠵᠢ ᠶᠢᠨ ᠮᠦᠡᠭᠭᠦ ᠲᠠᠷᠬᠠᠭᠠᠬᠤ ᠶᠤᠰᠤᠯᠠᠯ ᠤᠨ ᠵᠤᠷᠢᠯᠭ᠎ᠠ ᠨᠢ ᠡᠳᠡᠭᠡᠷ ᠬᠦᠰᠡᠯ ᠡᠷᠡᠮᠡᠯᠵᠡᠯ ᠲᠠᠢ᠂  ᠵᠤᠷᠢᠯᠲᠠ ᠲᠠᠢ ᠶᠠᠳᠠᠭᠤ ᠬᠦᠴᠢᠷᠲᠡᠯᠲᠡᠢ ᠰᠤᠷᠤᠭᠴᠢᠳ ᠵᠢᠴᠢ ᠵᠡᠮᠳᠡᠭᠴᠤᠳ ᠤᠨ ᠦᠷ᠎ᠡ ᠬᠡᠤᠬᠡᠳ ᠢ ᠬᠠᠪᠰᠤᠷᠴᠦ᠂ ᠠᠵᠦ ᠠᠬᠤᠢ ᠶᠢᠨ ᠲᠠᠷᠤᠭᠠᠰᠦ ᠶᠢ ᠬᠦᠩᠭᠡᠷᠡᠬᠦᠯᠵᠦ᠂  ᠲᠡᠳᠡᠨ ᠳᠤ ᠡᠷᠬᠡ ᠲᠡᠭᠰᠢ ᠪᠠᠷ ᠰᠤᠷᠭᠠᠨ ᠬᠦᠮᠦᠵᠢᠯ ᠢ ᠬᠦᠷᠳᠡᠬᠦᠯᠵᠦ ᠂ ᠦᠪᠡᠷ ᠤᠨ ᠬᠤᠪᠢ ᠵᠠᠶᠠᠭ᠎ᠠ ᠪᠠᠨ ᠬᠤᠪᠢᠷᠠᠭᠤᠯᠬᠤ ᠠᠵᠠ ᠲᠤᠬᠢᠶᠠᠯ ᠲᠠᠢ ᠪᠤᠯᠭᠠᠵᠦ᠂ ᠨᠡᠶᠢᠭᠡᠮ ᠨᠡᠶᠢᠲᠡ ᠲᠠᠢ ᠨᠡᠩ ᠰᠠᠶᠢᠨ ᠠᠭᠤᠰᠤᠯᠴᠠᠵᠦ᠂ ᠦᠪᠡᠷ ᠤᠨ ᠠᠮᠢᠳᠤᠷᠠᠯ ᠤᠨ ᠦᠷᠲᠡᠭ ᠢᠶᠠᠨ ᠪᠠᠶᠡᠯᠡᠭᠦᠯᠬᠦ ᠶᠢᠨ ᠲᠦᠯᠦᠭᠡ ᠶᠤᠮ︾ ᠭᠡᠵᠦ ᠬᠡᠯᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠤᠷᠤᠯᠭ᠎ᠠ ᠶᠢᠨ ᠲᠡᠳᠬᠦᠮᠵᠢ ᠶᠢᠨ ᠠᠵᠢᠯᠯᠠᠭ᠎ᠠ ᠨᠢ ᠨᠡᠶᠢᠲᠡ 263 ᠰᠤᠷᠤᠭᠴᠢ ᠶᠢ ᠬᠠᠪᠰᠤᠷᠤᠨ ᠲᠡᠳᠬᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ︽ᠰᠤᠷᠤᠯᠴᠠᠬᠤ᠂ ᠳᠠᠪᠰᠢᠬᠤ᠂ ᠰᠢᠯᠢᠳᠡᠭᠵᠢᠬᠦ︾ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠦᠳᠦᠯᠦᠨ ᠵᠢᠯᠣᠭᠤᠳᠴᠤ ᠪᠠᠶᠢᠭᠠᠳ ᠰᠤᠷᠭᠠᠨ ᠬᠥᠮᠦᠵᠢᠯ ᠤᠨ ᠠᠵᠢᠯ ᠢ ᠬᠠᠯᠠᠮᠵᠢᠯᠠᠨ ᠳᠡᠮᠵᠢᠭᠦᠯᠵᠦ᠂ ᠰᠤᠷᠤᠯᠴᠠᠯᠭ᠎ᠠ ᠶᠢ ᠡᠷᠬᠢᠮᠯᠡᠨ  ᠪᠤᠶᠠᠨᠰᠠᠭ ᠠᠵᠢᠯᠯᠠᠭ᠎ᠠ ᠦᠢᠯᠡᠳᠦᠨ᠂ ᠰᠤᠷᠤᠯᠭ᠎ᠠ ᠶᠢ ᠬᠥᠭᠵᠢᠭᠦᠯᠦᠨ ᠲᠡᠳᠬᠦᠬᠦ ᠰᠠᠶᠢᠨ ᠬᠡᠪ ᠰᠤᠷᠲᠠᠯ ᠢ ᠴᠢᠨᠠᠭᠰᠢᠳᠠ ᠪᠤᠢ ᠪᠣᠯᠭᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号