ᠬᠤᠸᠠᠩ ᠯᠦᠩ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/22
      8 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠤᠸᠠᠩ ᠯᠦᠩ ᠬᠤᠰᠢᠭᠤᠨ ᠤ ᠵᠠᠰᠠᠭ ᠤᠨ ᠣᠷᠳᠣᠨ ᠤ 2024 ᠣᠨ ᠤ  11 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠳᠤ ᠳᠤᠷᠠᠳᠤᠭᠰᠠᠨ ︽ᠬᠤᠶᠠᠷ ᠦᠢᠯᠡᠴᠢᠯᠡᠭᠡ︾ ︽ᠭᠤᠷᠪᠠᠨ ᠰᠢᠰᠲ᠋ᠧᠮ︾ ︽ᠲᠠᠪᠤᠨ  ᠰᠠᠶᠢᠨ︾ ︽ᠬᠤᠶᠠᠷ ᠢ ᠬᠦᠷᠭᠡᠬᠦ︾ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ︽ᠬᠤᠶᠠᠷ ᠢ ᠬᠦᠷᠢᠶᠡᠯᠡᠬᠦ︾ ᠶᠢ ᠬᠠᠮᠲᠤ ᠪᠠᠷ ᠪᠠᠶᠢᠭᠤᠯᠬᠤ ᠪᠠ ᠴᠡᠷᠢᠭ ᠠᠴᠠ ᠬᠠᠯᠠᠭᠳᠠᠭᠰᠠᠳ ᠢ ᠠᠵᠢᠯ ᠣᠯᠭᠤᠵᠤ ᠲᠥᠪᠬᠢᠨᠡᠭᠦᠯᠬᠦ᠂ ᠬᠠᠷᠠᠭᠠᠯᠵᠠᠵᠤ ᠰᠠᠶᠢᠰᠢᠶᠠᠬᠤ᠂ ᠡᠷᠬᠡ ᠠᠰᠢᠭ ᠢ ᠨᠢ ᠬᠠᠮᠠᠭᠠᠯᠠᠬᠤ᠂ ︽ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠰᠡᠨ ᠬᠥᠮᠦᠰ︾ ᠢ ᠰᠤᠩᠭᠤᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠢᠷᠠᠭᠤ ᠠᠯᠳᠠᠷ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ 7 ᠰᠠᠷ᠎ᠠ ᠶᠢᠨ 25 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠲᠦᠮᠡᠨ  ᠤ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠨ᠂ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ︽ᠶᠠᠪᠤᠳᠠᠯ ᠪᠦᠬᠦᠨ ᠳᠤ ᠰᠡᠳᠬᠢᠯ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 - 2026 ᠣᠨ︶︾ ᠢ ᠬᠢᠨᠠᠨ ᠵᠥᠪᠯᠡᠵᠦ᠂ ︽ᠥᠨᠳᠥᠷ ᠪᠦᠲᠦᠮᠵᠢᠲᠡᠢ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠬᠦᠰᠡᠭᠰᠡᠨ ᠵᠦᠢᠯ ᠢ ᠴᠢᠨᠢ ᠲᠠᠨ ᠳᠤ ᠬᠦᠷᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠬᠦᠴᠦᠯᠡᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号