ᠵᠤᠨ ᠤ ᠤᠯᠠᠷᠢᠯ ᠳᠤ ᠳᠤᠯᠠᠭᠠᠨ ᠤ ᠬᠡᠮᠵᠢᠶ᠎ᠡ ᠥᠨᠳᠥᠷ᠂ ᠰᠠᠭᠠᠯᠢ ᠶᠢᠨ ᠦᠨᠢᠶ᠎ᠡ ᠳᠤ ᠬᠠᠯᠠᠭᠤᠨ ᠤ ᠰᠡᠷᠡᠯᠵᠢᠯ | ᠲᠦᠢᠯ ᠤᠨ ᠠᠮᠠᠷᠬᠠᠨ ᠡᠭᠦᠰᠳᠡᠭ᠃ ᠥᠨᠳᠥᠷ ᠬᠠᠯᠠᠭᠤᠨ ᠤ ᠰᠠᠭᠠᠯᠢ ᠶᠢᠨ ᠦᠨᠢᠶ᠎ᠡ ᠳᠤ ᠦᠵᠡᠭᠦᠯᠬᠦ ᠠᠰᠢᠭ ᠦᠭᠡᠢ | ᠨᠥᠯᠥᠭᠡ ᠶᠢ ᠪᠠᠭᠠᠰᠬᠠᠬᠤ ᠶᠢᠨ ᠲᠥᠯᠥᠭᠡ᠂ ᠰᠠᠭᠠᠯᠢ ᠶᠢᠨ ᠦᠨᠢᠶᠡᠨ ᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ᠂ | ᠠᠷᠠᠴᠢᠯᠠᠯᠲᠠ ᠬᠠᠮᠢᠶᠠᠷᠤᠯᠲᠠ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠠᠯ᠎ᠠ ᠪᠠᠷ ᠵᠣᠬᠢᠴᠠᠩᠭᠤᠢ ᠠᠷᠭ᠎ᠠ | ᠬᠡᠮᠵᠢᠶ᠎ᠡ ᠠᠪᠬᠤ ᠠᠴᠠ ᠭᠠᠳᠠᠨ᠎ᠠ᠂ ᠪᠠᠰᠠ ᠡᠷᠬᠡᠪᠰᠢ ᠰᠢᠮ᠎ᠡ ᠲᠡᠵᠢᠭᠡᠯ ᠤᠨ ᠲᠣᠬᠢᠷᠠᠭᠤᠯᠤᠯ ᠡᠵᠡᠮᠳᠡᠯ ᠬᠢᠬᠦ ᠬᠡᠷᠡᠭᠲᠡᠢ᠄ | ᠨᠣᠭᠤᠭᠠᠨ ᠪᠣᠷᠳᠤᠭ᠎ᠠ ᠪᠠᠷ ᠲᠡᠵᠢᠭᠡᠨ᠎ᠡ᠃ ᠨᠣᠭᠤᠭᠠᠨ ᠰᠢᠭᠦᠰᠦᠯᠢᠭ ᠲᠡᠵᠢᠭᠡᠯ ᠪᠣᠷᠳᠣᠭᠠᠨ ᠳᠤ ᠨᠡᠭᠦᠷᠡᠰᠦ | ᠤᠰᠤᠨ ᠤ ᠨᠢᠭᠡᠳᠪᠦᠷᠢ ᠪᠠ ᠤᠰᠤ ᠡᠯᠪᠡᠭ ᠠᠭᠤᠯᠤᠭᠳᠠᠵᠤ᠂ ᠢᠳᠡᠬᠦ ᠳᠤ ᠵᠣᠬᠢᠴᠠᠬᠤ ᠪᠠᠷ ᠪᠠᠷᠠᠬᠤ ᠦᠭᠡᠢ᠂ | ᠬᠠᠯᠠᠭᠤᠨ ᠢ ᠰᠡᠷᠭᠡᠶᠢᠯᠡᠬᠦ ᠪᠠ ᠰᠠᠭᠠᠯᠢ ᠶᠢᠨ ᠦᠨᠢᠶᠡᠨ ᠤ ᠬᠠᠯᠠᠭᠤᠨ ᠤ ᠰᠡᠷᠡᠯᠵᠢᠯ ᠢ ᠨᠠᠮᠳᠠᠭᠤᠯᠬᠤ ᠳᠤ ᠲᠦᠢᠯ ᠤᠨ | ᠠᠰᠢᠭ ᠲᠠᠢ ᠪᠠᠶᠢᠳᠠᠭ᠃ ᠭᠦᠢᠴᠡᠳ ᠬᠡᠮᠵᠢᠶᠡᠨ ᠤ ᠬᠠᠭᠤᠷᠠᠢ ᠪᠣᠳᠠᠰ ᠢ ᠰᠢᠩᠭᠡᠬᠡᠨ ᠠᠪᠬᠤ ᠶᠢ ᠪᠠᠲᠤᠯᠠᠭᠰᠠᠨ | ᠤᠷᠢᠲᠠᠯ ᠳᠣᠣᠷ᠎ᠠ᠂ ᠴᠢᠨᠠᠷ ᠰᠠᠶᠢᠲᠠᠢ ᠬᠥᠬᠡ ᠡᠪᠡᠰᠦ᠂ ᠬᠤᠯᠤᠤᠪᠠᠩ᠂ ᠳ᠋ᠦᠩᠭᠤᠸᠠ ᠵᠡᠷᠭᠡ ᠶᠢ ᠵᠣᠬᠢᠬᠤ | ᠬᠡᠮᠵᠢᠶ᠎ᠡ ᠪᠠᠷ ᠲᠡᠵᠢᠭᠡᠬᠦ ᠨᠢ ᠰᠠᠭᠠᠯᠢ ᠶᠢᠨ ᠦᠨᠢᠶᠡᠨ ᠤ ᠰᠦᠨ ᠤ ᠭᠠᠷᠤᠯᠲᠠ ᠶᠢ ᠳᠡᠭᠡᠭᠰᠢᠯᠡᠭᠦᠯᠬᠦ ᠪᠠ ᠦᠨᠢᠶᠡᠨ | ᠰᠦ ᠶᠢᠨ ᠰᠦᠨ ᠥᠭᠡᠬᠦ ᠶᠢᠨ ᠨᠤᠷᠮ᠎ᠠ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ | ᠰᠢᠩᠭᠡᠨ ᠪᠤᠳᠠᠭᠠᠨ ᠤ ᠪᠣᠷᠳᠤᠭ᠎ᠠ ᠪᠠᠷ ᠲᠡᠵᠢᠭᠡᠨ᠎ᠡ᠃ ᠬᠡᠰᠡᠭ ᠨᠠᠷᠢᠯᠢᠭ ᠪᠣᠷᠳᠤᠭ᠎ᠠ ᠶᠢ ᠰᠢᠩᠭᠡᠨ ᠪᠤᠷᠳᠤᠭ᠎ᠠ | ᠪᠣᠯᠭᠠᠵᠤ᠂ ᠨᠠᠷᠢᠯᠢᠭ ᠪᠣᠷᠳᠤᠭ᠎ᠠ 1.5 ᠺᠢᠯᠣᠭ᠍ᠷᠠᠮ᠂ ᠬᠤᠯᠤᠤᠪᠠᠩ ᠢ 1.25 ᠺᠢᠯᠣᠭ᠍ᠷᠠᠮ ᠠᠴᠠ 2.5 ᠺᠢᠯᠣᠭ᠍ᠷᠠᠮ᠂ | ᠤᠰᠤ 58 ᠺᠢᠯᠣᠭ᠍ᠷᠠᠮ ᠨᠡᠮᠡᠵᠦ᠂ ᠰᠢᠩᠭᠡᠨ ᠪᠤᠳᠠᠭ᠎ᠠ ᠰᠢᠭ᠋ ᠴᠢᠨᠠᠵᠤ᠂ ᠬᠥᠷᠥᠭᠡᠭᠰᠡᠨ ᠤ ᠳᠠᠷᠠᠭ᠎ᠠ ᠳᠠᠷᠤᠰᠢᠭᠤᠯᠤᠭᠰᠠᠨ | ᠲᠡᠵᠢᠭᠡᠯ ᠪᠣᠷᠳᠤᠭ᠎ᠠ ᠳᠡᠭᠡᠷ᠎ᠡ ᠴᠢᠳᠬᠤᠨ ᠲᠡᠵᠢᠭᠡᠪᠡᠯ ᠰᠠᠭᠠᠯᠢ ᠶᠢᠨ ᠦᠨᠢᠶ᠎ᠡ ᠶᠢᠨ ᠰᠢᠭᠡᠯᠭᠡᠬᠦ ᠬᠡᠮᠵᠢᠶ᠎ᠡ ᠶᠢ | ᠨᠡᠮᠡᠭᠳᠡᠭᠦᠯᠦᠨ᠎ᠡ᠃ | ᠳᠠᠪᠤᠰᠤ ᠲᠠᠢ ᠤᠰᠤᠨ ᠤ ᠬᠡᠪᠡᠭ ᠤᠨ ᠱᠥᠯᠥ ᠤᠤᠭᠤᠯᠭᠠᠨ᠎ᠠ᠃ ᠰᠠᠭᠠᠯᠢ ᠶᠢᠨ ᠦᠨᠢᠶ᠎ᠡ ᠳᠤ ᠳᠠᠪᠤᠰᠤ ᠲᠠᠢ | ᠤᠰᠤᠨ ᠤ ᠬᠡᠪᠡᠭ ᠤᠨ ᠱᠥᠯᠥ ᠤᠤᠭᠤᠯᠭᠠᠪᠠᠯ ᠰᠠᠭᠠᠯᠢ ᠶᠢᠨ ᠦᠨᠢᠶᠡᠨ ᠤ ᠢᠳᠡᠭᠡᠨ ᠤ ᠳᠤᠷᠠᠰᠢᠯ ᠢ ᠨᠡᠮᠡᠭᠳᠡᠭᠦᠯᠵᠦ᠂ | ᠤᠤᠭᠤᠬᠤ ᠤᠰᠤᠨ ᠤ ᠬᠡᠮᠵᠢᠶ᠎ᠡ ᠶᠢ ᠪᠠᠲᠤᠯᠠᠨ᠂ ᠰᠣᠯᠢᠯᠴᠠᠭ᠎ᠠ ᠶᠢ ᠵᠣᠬᠢᠴᠠᠭᠤᠯᠵᠤ᠂ ᠰᠦᠨ ᠤ ᠭᠠᠷᠤᠯᠲᠠ | ᠳᠣᠷᠣᠭᠰᠢᠯᠠᠬᠤ ᠶᠢ ᠪᠦᠲᠦᠮᠵᠢᠲᠡᠶ ᠬᠢᠵᠠᠭᠠᠷᠯᠠᠵᠤ ᠴᠢᠳᠠᠨ᠎ᠠ᠃ ᠦᠨᠢᠶ᠎ᠡ ᠪᠦᠷᠢ ᠳᠤ ᠤᠳᠠᠭ᠎ᠠ ᠪᠦᠷᠢ 50 ᠺᠢᠯᠣᠭ᠍ᠷᠠᠮ | ᠤᠰᠤ ᠤᠤᠭᠤᠯᠭᠠᠵᠤ᠂ ᠳᠡᠭᠡᠷ᠎ᠡ ᠨᠢ ᠢᠳᠡᠭᠡᠨ ᠤ ᠳᠠᠪᠤᠰᠤ 50 ᠭᠷᠡᠮ᠂ ᠬᠡᠪᠡᠭ ᠢ 1 ᠺᠢᠯᠣᠭ᠍ᠷᠠᠮ ᠠᠴᠠ 1.5 | ᠺᠢᠯᠣᠭ᠍ᠷᠠᠮ ᠨᠡᠮᠡᠵᠦ᠂ ᠡᠳᠦᠷ ᠲᠤ 3 ᠤᠳᠠᠭ᠎ᠠ ᠤᠤᠭᠤᠯᠭᠠᠨ᠎ᠠ᠃ | ᠨᠣᠭᠤᠭᠠᠨ ᠪᠤᠷᠴᠠᠭ ᠤᠨ ᠰᠥᠮᠥᠰᠤ ᠤᠤᠭᠤᠯᠭᠠᠨ᠎ᠠ᠃ ᠨᠣᠭᠤᠭᠠᠨ ᠪᠤᠷᠴᠠᠭ ᠤᠨ ᠰᠦᠮᠦᠰᠦ ᠨᠢ ᠬᠠᠯᠠᠭᠤᠨ ᠢ | ᠠᠷᠢᠯᠭᠠᠵᠤ ᠬᠤᠣᠷ ᠢ ᠲᠠᠶᠢᠯᠬᠤ᠂ ᠨᠠᠷᠠᠰᠢᠬᠤ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠦᠢᠯᠡᠳᠦᠯ ᠲᠠᠢ᠃ | ᠨᠥᠬᠦᠴᠡᠯ ᠲᠠᠢ ᠲᠡᠵᠢᠭᠡᠪᠦᠷᠢ ᠶᠢᠨ ᠲᠠᠯᠠᠪᠠᠢ ︵ᠡᠷᠦᠬᠡ︶ ᠵᠤᠨ ᠤ ᠤᠯᠠᠷᠢᠯ ᠳᠤ ᠰᠠᠭᠠᠯᠢ ᠶᠢᠨ ᠦᠨᠢᠶ᠎ᠡ ᠳᠤ | ᠨᠣᠭᠤᠭᠠᠨ ᠪᠤᠷᠴᠠᠭ ᠤᠨ ᠰᠥᠮᠥᠰᠤ ᠤᠤᠭᠤᠯᠭᠠᠵᠤ᠂ ᠰᠢᠨ᠎ᠡ ᠰᠣᠷᠭᠤᠭ ᠨᠣᠭᠤᠭᠠᠨ ᠪᠤᠷᠴᠠᠭ ᠢ 1 ᠺᠢᠯᠣᠭ᠍ᠷᠠᠮ ᠠᠴᠠ | 1.5 ᠺᠢᠯᠣᠭ᠍ᠷᠠᠮ᠂ 4 ᠺᠢᠯᠣᠭ᠍ᠷᠠᠮ ᠠᠴᠠ 5 ᠺᠢᠯᠣᠭ᠍ᠷᠠᠮ ᠤᠰᠤᠨ ᠳᠤ 1 ᠴᠠᠭ ᠠᠴᠠ 2 ᠴᠠᠭ ᠪᠤᠴᠠᠯᠭᠠᠨ᠂ | ᠲᠡᠭᠡᠷ᠎ᠡ ᠨᠢ ᠳᠠᠬᠢᠭᠠᠳ 40 ᠺᠢᠯᠣᠭ᠍ᠷᠠᠮ ᠴᠡᠪᠡᠷ ᠤᠰᠤ ᠬᠢᠵᠦ᠂ ᠡᠳᠦᠷ ᠲᠤ 1 ᠤᠳᠠᠭ᠎ᠠ ᠤᠤᠭᠤᠯᠭᠠᠨ᠎ᠠ᠃ | ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠳ᠋ᠷᠢ ᠶᠢ ᠨᠥᠬᠦᠪᠦᠷᠢᠯᠡᠨ᠎ᠡ᠃ ᠨᠡᠭᠦᠷᠡᠰᠦᠬᠦ᠋ᠴᠢᠯ ᠤᠨ | ᠤᠰᠤᠲᠥ᠋ᠷᠥᠭᠴᠢᠲᠤ ᠨᠠᠳ᠋ᠷᠢ ᠶᠢ ᠨᠥᠬᠦᠪᠦᠷᠢᠯᠡᠬᠦ ᠨᠢ ᠰᠠᠭᠠᠯᠢ ᠶᠢᠨ ᠦᠨᠢᠶᠡᠨ ᠤ ᠪᠡᠶ᠎ᠡ ᠶᠢᠨ ᠳᠣᠲᠣᠷᠠᠬᠢ ᠬᠦᠴᠢᠯ | ᠱᠦᠯᠲᠦ ᠶᠢᠨ ᠲᠡᠩᠴᠡᠭᠦᠷᠢ ᠶᠢ ᠪᠠᠲᠤᠯᠠᠬᠤ ᠳᠤ ᠠᠰᠢᠭᠲᠠᠢ᠂ ᠪᠠᠰᠠ ᠰᠢᠩᠭᠡᠭᠡᠯᠲᠡ ᠶᠢ ᠲᠤᠰᠠᠯᠠᠬᠤ ᠦᠢᠯᠡᠳᠦᠯ ᠲᠠᠢ | ᠪᠠᠶᠢᠵᠤ᠂ ᠰᠠᠭᠠᠯᠢ ᠶᠢᠨ ᠦᠨᠢᠶᠡᠨ ᠤ ᠢᠳᠡᠰᠢᠯᠡᠬᠦ ᠬᠡᠮᠵᠢᠶ᠎ᠡ ᠶᠢ ᠳᠡᠭᠡᠭᠰᠢᠯᠡᠭᠦᠯᠵᠦ ᠪᠣᠯᠣᠨ᠎ᠠ᠃ ᠨᠡᠭᠦᠷᠡᠰᠦᠬᠦ᠋ᠴᠢᠯ ᠤᠨ | ᠤᠰᠤᠲᠥ᠋ᠷᠥᠭᠴᠢᠲᠤ ᠨᠠᠳ᠋ᠷᠢ ᠶᠢᠨ ᠬᠡᠷᠡᠭᠯᠡᠬᠦ ᠬᠡᠮᠵᠢᠶ᠎ᠡ ᠨᠢ ᠶᠡᠷᠦ ᠳᠡᠭᠡᠨ ᠨᠠᠷᠢᠯᠢᠭ ᠪᠣᠷᠳᠣᠭᠠᠨ ᠤ 3.84% ᠶᠢ | ᠡᠵᠡᠯᠡᠨ᠎ᠡ᠂ ᠡᠰᠡᠬᠦᠯ᠎ᠡ ᠡᠳᠦᠷ ᠪᠦᠷᠢ ᠰᠠᠭᠠᠯᠢ ᠶᠢᠨ ᠦᠨᠢᠶ᠎ᠡ ᠪᠦᠷᠢ ᠳᠤ 340 ᠭᠷᠡᠮ ᠬᠡᠷᠡᠭᠯᠡᠵᠦ᠂ ᠨᠢᠮᠪᠡᠭᠡ ᠶᠢᠨ | ᠬᠦᠴᠢᠯ ᠲᠠᠢ ᠬᠠᠮᠲᠤ ᠬᠡᠷᠡᠭᠯᠡᠪᠡᠯ ᠦᠷ᠎ᠡ ᠳ᠋ᠦᠩ ᠨᠢ ᠨᠡᠩ ᠰᠠᠶᠢᠨ ᠪᠠᠶᠢᠳᠠᠭ᠃ | ᠾᠯᠣᠷᠲᠤ ᠺᠠᠯᠢ ᠶᠢ ᠨᠥᠬᠦᠪᠦᠷᠢᠯᠡᠨ᠎ᠡ᠃ ᠰᠠᠭᠠᠯᠢ ᠶᠢᠨ ᠦᠨᠢᠶ᠎ᠡ ᠳᠤ ᠬᠠᠯᠠᠭᠤᠨ ᠤ ᠰᠡᠷᠡᠯᠵᠢᠯ ᠡᠭᠦᠰᠬᠦ | ᠦᠶ᠎ᠡ ᠳᠤ᠂ ᠺᠠᠯᠢ ᠶᠢᠨ ᠭᠠᠳᠠᠭᠰᠢᠯᠠᠬᠤ ᠬᠡᠮᠵᠢᠶ᠎ᠡ ᠮᠡᠳᠡᠭᠳᠡᠮ᠎ᠡ ᠨᠡᠮᠡᠭᠳᠡᠵᠦ᠂ ᠴᠢᠰᠤᠨ ᠳᠣᠲᠣᠷᠠᠬᠢ ᠺᠠᠯᠢ ᠶᠢᠨ | ᠠᠭᠤᠯᠤᠭᠳᠠᠴᠠ ᠶᠢ ᠳᠣᠷᠣᠭᠰᠢᠯᠠᠭᠤᠯᠳᠠᠭ ᠤᠴᠢᠷ ᠠᠴᠠ ᠡᠷᠬᠡᠪᠰᠢ ᠺᠠᠯᠢ ᠶᠢ ᠨᠥᠬᠦᠪᠦᠷᠢᠯᠡᠬᠦ ᠬᠡᠷᠡᠭᠲᠡᠢ᠃ ᠶᠡᠷᠦ ᠳᠡᠭᠡᠨ | ᠰᠠᠭᠠᠯᠢ ᠶᠢᠨ ᠦᠨᠢᠶ᠎ᠡ ᠶᠢᠨ ᠤᠤᠭᠤᠬᠤ ᠤᠰᠤᠨ ᠳᠤ ᠪᠤᠶᠤ ᠡᠳᠦᠷ ᠤᠨ ᠲᠡᠵᠢᠭᠡᠯ ᠪᠣᠷᠳᠣᠭᠠᠨ ᠳᠤ ᠾᠯᠣᠷᠲᠤ ᠺᠠᠯᠢ ᠶᠢ | ᠨᠡᠮᠡᠵᠦ ᠪᠣᠯᠣᠨ᠎ᠠ᠂ ᠨᠡᠮᠡᠬᠦ ᠬᠡᠮᠵᠢᠶ᠎ᠡ ᠨᠢ ᠡᠳᠦᠷ ᠪᠦᠷᠢ ᠰᠠᠭᠠᠯᠢ ᠶᠢᠨ ᠦᠨᠢᠶ᠎ᠡ ᠪᠦᠷᠢ ᠳᠤ 60 ᠭᠷᠡᠮ ᠠᠴᠠ 80 ᠭᠷᠡᠮ | ᠪᠠᠶᠢᠳᠠᠭ᠃ | ᠸᠢᠲ᠋ᠠᠮᠢᠨ C ᠪᠣᠯᠣᠨ ᠸᠢᠲ᠋ᠠᠮᠢᠨ E ᠨᠥᠬᠦᠪᠦᠷᠢᠯᠡᠨ᠎ᠡ᠃ ᠰᠠᠭᠠᠯᠢ ᠶᠢᠨ ᠦᠨᠢᠶ᠎ᠡ ᠶᠢᠨ ᠬᠠᠯᠠᠭᠤᠨ ᠤ ᠰᠡᠷᠡᠯᠵᠢᠯ | ᠡᠭᠦᠰᠬᠦ ᠦᠶ᠎ᠡ ᠳᠤ ᠸᠢᠲ᠋ᠠᠮᠢᠨ C ᠨᠡᠶᠢᠯᠡᠯᠭᠡ ᠶᠢᠨ ᠴᠢᠳᠠᠪᠤᠷᠢ ᠨᠢ ᠪᠠᠭᠤᠷᠠᠵᠤ᠂ ᠬᠡᠷᠡᠭᠰᠡᠬᠦ ᠬᠡᠮᠵᠢᠶ᠎ᠡ ᠨᠢ ᠬᠠᠷᠢᠨ | ᠨᠡᠮᠡᠭᠳᠡᠳᠡᠭ᠃ ᠡᠶᠢᠮᠦ ᠠᠴᠠ ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠰᠠᠭᠠᠯᠢ ᠶᠢᠨ ᠦᠨᠢᠶ᠎ᠡ ᠳᠤ ᠸᠢᠲ᠋ᠠᠮᠢᠨ C | ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠂ ᠵᠤᠨ ᠤ ᠤᠯᠠᠷᠢᠯ ᠳᠤ ᠶᠡᠷᠦ ᠳᠡᠭᠡᠨ ᠰᠠᠭᠠᠯᠢ ᠶᠢᠨ ᠦᠨᠢᠶᠡᠨ ᠤ ᠲᠡᠵᠢᠭᠡᠯ | ᠪᠣᠷᠳᠣᠭᠠᠨ ᠳᠤ 0.04% — 0.06% ᠶᠢᠨ ᠸᠢᠲ᠋ᠠᠮᠢᠨ C ᠨᠡᠮᠡᠵᠦ ᠪᠣᠯᠣᠨ᠎ᠠ᠃ ᠸᠢᠲ᠋ᠠᠮᠢᠨ E ᠨᠢ | ᠰᠠᠭᠠᠯᠢ ᠶᠢᠨ ᠦᠨᠢᠶᠡᠨ ᠤ ᠪᠡᠶ᠎ᠡ ᠳᠠᠬᠢ ᠥᠭᠡᠬᠦ ᠶᠢᠨ ᠢᠰᠦᠯᠳᠦᠬᠦ ᠪᠠ ᠡᠪᠳᠡᠭᠳᠡᠬᠦ ᠶᠢ ᠰᠡᠷᠭᠡᠶᠢᠯᠡᠵᠦ ᠴᠢᠳᠠᠬᠤ ᠪᠥᠭᠡᠳ | ᠪᠤᠰᠤᠳ ᠸᠢᠲ᠋ᠠᠮᠢᠨ ᠢᠰᠦᠯᠳᠦᠬᠦ ᠶᠢ ᠴᠦ ᠰᠡᠷᠭᠡᠶᠢᠯᠡᠵᠦ ᠴᠢᠳᠠᠨ᠎ᠠ᠃ | |