ᠪᠠᠳᠤᠬᠠᠭᠠᠯᠭ᠎ᠠ ᠪᠠᠯᠭᠠᠰᠤᠨ ᠤ ᠴᠢᠯᠦᠭᠡᠯᠡᠯᠳᠡ ᠵᠡᠭᠡᠯᠢ ᠨᠡᠶᠢᠭᠡᠮ ᠲᠤᠭᠤᠷᠢᠭ ᠤᠨ ᠬᠢᠨ ᠰᠠᠭᠤᠭᠠᠯᠢ ᠠᠷᠠᠳ  ᠤᠨ ᠢᠶᠠᠨ ᠰᠡᠳᠬᠢᠯ ᠢ ᠲᠤᠯᠭᠠᠭᠤᠯᠬᠤ ᠠᠵᠢᠯᠯᠠᠭ᠎ᠠ ᠦᠷᠨᠢᠭᠦᠯᠦᠭᠰᠡᠭᠡᠷ ᠪᠠᠶᠢᠨ᠎ᠠ
ᠨᠡᠶᠢᠲᠡᠯᠡᠭᠰᠡᠨ ᠴᠠᠭ᠄
2024/8/22
      ᠴᠢᠯᠦᠭᠡᠯᠡᠯᠳᠡ ᠵᠡᠭᠡᠯᠢ ᠲᠤᠭᠤᠷᠢᠭ ᠨᠢ1959 ᠤᠨ ᠳᠤ ᠮᠠᠨ ᠤ ᠬᠤᠰᠢᠭᠤᠨ ᠤ ᠬᠠᠮᠤᠭ ᠡᠷᠳᠡ ᠪᠠᠶᠢᠭᠤᠯᠤᠭᠳᠠᠭᠰᠠᠨ ᠨᠡᠶᠢᠭᠡᠮ ᠲᠤᠭᠤᠷᠢᠭ ᠪᠤᠯᠤᠨ᠎ᠠ᠃ ᠨᠡᠶᠢᠭᠡᠮ ᠲᠤᠭᠤᠷᠢᠭ ᠲᠤ ᠪᠠᠶᠢᠩᠭᠤ ᠰᠠᠭᠤᠷᠢᠰᠢᠭ᠎ᠠ ᠬᠦᠮᠦᠨ ᠠᠮᠠ ᠶᠢᠨ ᠲᠤᠳᠤᠷ᠎ᠠ60 ᠨᠠᠰᠤᠨ ᠠᠴᠠ ᠲᠡᠭᠡᠭᠰᠢᠬᠢ ᠨᠠᠰᠤᠳᠠᠶᠢᠴᠤᠳ ᠤᠨ ᠬᠦᠮᠦᠨ ᠠᠮᠠ ᠶᠢᠨ ᠲᠤᠭ᠎ᠠ30% ᠤᠷᠴᠢᠮ ᠢ ᠡᠵᠡᠯᠡᠵᠦ᠂ ᠡᠭᠦᠨ ᠤ ᠲᠤᠳᠤᠷ᠎ᠠ ᠦᠷ᠎ᠡ ᠬᠡᠥᠬᠡᠳ ᠨᠢ ᠲᠡᠷᠭᠡᠳᠡ ᠨᠢ ᠪᠠᠶᠢᠬᠤ ᠦᠬᠡᠢ᠂ ᠭᠠᠭᠠᠴᠠᠭᠠᠷ ᠰᠠᠭᠤᠭ᠎ᠠ ᠨᠠᠰᠤᠳᠠᠶᠢᠴᠤᠳ ᠤᠯᠠᠨ ᠪᠠᠶᠢᠵᠦ᠂ ᠨᠠᠰᠤᠳᠠᠳ ᠢ ᠬᠠᠯᠠᠮᠵᠢᠯᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠨᠡᠩ ᠲᠤᠪᠤᠶᠢᠮ᠎ᠠ ᠪᠠᠶᠢᠳᠠᠭ᠃ ᠴᠢᠯᠦᠭᠡᠯᠡᠯᠳᠡ ᠵᠡᠭᠡᠯᠢ ᠨᠡᠶᠢᠭᠡᠮ ᠲᠤᠭᠤᠷᠢᠭ ᠤᠨ ᠬᠢᠨ ᠨᠠᠮ ᠤᠨ ᠪᠠᠶᠢᠭᠤᠯᠤᠯᠳᠠ ᠶᠢᠨ ᠵᠢᠯᠤᠭᠤᠳᠤᠮᠵᠢ ᠶᠢ ᠭᠦᠢᠴᠡᠳ ᠪᠠᠳᠠᠷᠠᠭᠤᠯᠵᠦ᠂ ᠬᠠᠷᠢᠶ᠎ᠠ ᠤᠷᠤᠨ ᠤ ᠪᠠᠨ ᠤᠨᠴᠠᠯᠢᠭ ᠢ ᠨᠠᠷᠢᠯᠢᠭ ᠤᠶᠢᠯᠠᠭᠠᠵᠦ᠂ ᠬᠠᠷᠢᠶᠠᠳᠦ ᠤᠷᠤᠨ ᠤ ᠰᠠᠭᠤᠭᠠᠯᠢ ᠠᠷᠠᠳ ᠲᠤ ᠪᠦᠬᠦ ᠬᠦᠴᠦᠨ ᠢᠶᠠᠷ ᠢᠶᠠᠨ ᠦᠢᠯᠡᠴᠢᠯᠡᠭᠰᠡᠨ ᠰᠠᠭᠤᠷᠢᠨ ᠲᠡᠭᠡᠷ᠎ᠡ ᠬᠢᠯᠠᠰ ᠴᠡᠭ ᠲᠠᠢ ᠤᠨᠴᠠᠯᠢᠭᠳᠦ ᠨᠡᠶᠢᠭᠡᠮ ᠲᠤᠭᠤᠷᠢᠭ ᠢ ᠬᠦᠴᠦᠯᠡᠨ ᠪᠠᠶᠢᠭᠤᠯᠵᠦ᠂ ᠰᠠᠶᠢᠨ ᠲᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠪᠦᠬᠦ ᠲᠠᠯ᠎ᠠ ᠪᠠᠷ ᠪᠤᠢ ᠪᠤᠯᠭᠠᠵᠦ᠂ ᠬᠠᠶᠢᠷ᠎ᠠ ᠤᠷᠤᠨ ᠤ ᠰᠠᠭᠤᠭᠠᠯᠢ ᠠᠷᠠᠳ  ᠤᠨ ᠵᠤᠯ ᠵᠢᠷᠭᠠᠯ ᠤᠨ ᠲᠦᠷᠦᠭᠳᠡᠯ ᠢ ᠲᠡᠭᠡᠭᠰᠢᠯᠡᠭᠦᠯᠵᠦ᠂ ᠨᠠᠰᠤᠳᠠᠶᠢᠴᠤᠳ ᠲᠤ ᠠᠵᠠ ᠵᠢᠷᠭᠠᠯ ᠢ ᠮᠡᠳᠡᠷᠡᠭᠦᠯᠬᠦ ᠨᠢ ᠨᠡᠶᠢᠭᠡᠮ ᠲᠤᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠴᠢᠬᠤᠯᠠ ᠰᠡᠳᠦᠪ ᠪᠤᠯᠤᠭᠰᠠᠨ ᠪᠠᠶᠢᠨ᠎ᠠ᠃
微信图片_20240822094058.jpg
      ᠴᠢᠯᠦᠭᠡᠯᠡᠯᠳᠡ ᠵᠡᠭᠡᠯᠢ ᠨᠡᠶᠢᠭᠡᠮ ᠲᠤᠭᠤᠷᠢᠭ ᠤᠨ ᠠᠵᠢᠯᠳᠠᠳ ᠡᠷᠦᠬᠡ ᠳᠤ ᠭᠦᠨᠵᠡᠭᠡᠶᠢᠷᠡᠵᠦ ᠪᠠᠶᠢᠬᠤ ᠶᠠᠪᠤᠴᠠ  ᠳᠤ ᠪᠠᠨ ᠨᠠᠰᠤᠳᠠᠶᠢᠴᠤᠳ ᠲᠤ ᠤᠯᠠᠨ ᠨᠡᠶᠢᠳᠡ ᠶᠢᠨ ᠬᠦᠳᠡᠯᠭᠡᠭᠡᠨ ᠤ ᠭᠠᠵᠠᠷ ᠲᠤᠳᠠᠭᠳᠠᠵᠦ᠂ ᠲᠡᠭᠷᠢ ᠮᠠᠭᠤᠬᠠᠢ ᠡᠳᠦᠷ ᠵᠦᠪᠬᠡᠨ ︽ᠭᠡᠷ ᠲᠡᠭᠡᠨ ᠪᠤᠬᠢᠨᠢᠳᠤᠵᠦ︾ ᠰᠠᠭᠤᠬᠤ ᠠᠴᠠ ᠦᠭᠡᠷ᠎ᠡ ᠠᠷᠭ᠎ᠠ ᠦᠬᠡᠢ᠂ ᠰᠠᠭᠤᠭᠠᠯᠢ ᠠᠷᠠᠳ ᠭᠡᠷ ᠲᠤᠳᠤᠷᠠᠬᠢ ᠬᠦᠳᠡᠯᠭᠡᠭᠡᠨ ᠤ ᠦᠷᠦᠭᠡ ᠲᠠᠢ ᠪᠤᠯᠬᠤ ᠶᠢ ᠤᠨᠴᠠᠭᠠᠶᠢᠯᠠᠨ ᠬᠦᠰᠡᠨ ᠡᠷᠡᠮᠡᠯᠵᠡᠵᠦ ᠪᠠᠶᠢᠬᠤ ᠶᠢ ᠤᠶᠢᠯᠠᠭᠠᠭᠰᠠᠨ ᠤ ᠲᠠᠷᠠᠭ᠎ᠠ ᠨᠡᠶᠢᠭᠡᠮ ᠲᠤᠭᠤᠷᠢᠭ ᠤᠨ ᠬᠢᠨ ᠪᠠᠳᠤᠬᠠᠭᠠᠯᠭ᠎ᠠ ᠪᠠᠯᠭᠠᠰᠤᠨ ᠤ ᠤᠳᠤᠷᠢᠳᠤᠯᠭ᠎ᠠ ᠨᠠᠷ ᠲᠠᠢ ᠬᠠᠷᠢᠯᠴᠠᠵᠦ᠂ ᠠᠮᠵᠢᠯᠳᠠ ᠲᠠᠢ ᠪᠠᠷ ᠺᠠᠢ ᠰᠢᠨ ᠰᠠᠭᠤᠭᠠᠯᠢ ᠲᠤᠭᠤᠷᠢᠭ ᠤᠨ ᠬᠤᠶᠠᠷ ᠲᠠᠰᠤᠯᠭ᠎ᠠ ᠰᠤᠯᠠ ᠭᠡᠷ ᠢ ᠨᠠᠰᠤᠳᠠᠶᠢᠴᠤᠳ ᠤᠨ ᠠᠵᠢᠯᠯᠠᠭᠠᠨ ᠤ ᠦᠷᠦᠭᠡ ᠪᠤᠯᠭᠠᠵᠠᠢ᠃      ᠡᠨᠡ ᠵᠢᠯ ᠤᠨ5 ᠰᠠᠷ᠎ᠠ ᠠᠴᠠ ᠡᠬᠢᠯᠡᠵᠦ᠂ ᠴᠢᠯᠦᠭᠡᠯᠡᠯᠳᠡ ᠵᠡᠭᠡᠯᠢ ᠨᠡᠶᠢᠭᠡᠮ ᠲᠤᠭᠤᠷᠢᠭ ᠤᠨ ᠬᠢᠨ ᠤᠷᠤᠨ ᠪᠦᠰᠡ ᠶᠢᠨ ᠲᠤᠳᠤᠷᠠᠬᠢ12 ᠲᠠᠭᠠᠭᠠᠴᠢᠯᠠᠨ ᠬᠤᠯᠪᠤᠭᠠᠯᠠᠵᠦ ᠪᠠᠶᠢᠭ᠎ᠠ ᠨᠢᠭᠡᠴᠡ ᠲᠠᠢ ᠬᠠᠮᠳᠤᠷᠠᠯᠴᠠᠨ᠂133 ᠨᠠᠮ  ᠤᠨ ᠬᠡᠰᠢᠭᠦᠨ᠂368 ᠰᠠᠶᠢᠨ ᠲᠤᠷ᠎ᠠ ᠶᠢᠨ ᠠᠵᠢᠯᠯᠠᠭᠴᠢ ᠪᠤᠯᠤᠨ ᠰᠠᠭᠤᠭᠠᠯᠢ ᠠᠷᠠᠳ ᠤᠨ ᠲᠦᠯᠦᠭᠡᠯᠡᠭᠴᠢ ᠶᠢ ᠴᠤᠭᠯᠠᠭᠤᠯᠤᠨ᠂ ᠨᠠᠰᠤᠳᠠᠶᠢᠴᠤᠳ ᠤᠨ ᠬᠡᠷᠡᠭᠴᠡᠭᠡ ᠶᠢ ᠦᠨᠳᠦᠰᠦᠯᠡᠨ᠂ ᠰᠠᠷ᠎ᠠ ᠪᠦᠷᠢ ᠨᠠᠰᠤᠳᠠᠶᠢᠴᠤᠳ ᠲᠤ ᠬᠠᠮᠳᠦ  ᠶᠢᠨ ᠲᠦᠷᠦᠭᠰᠡᠨ ᠡᠳᠦᠷ ᠤᠨ ᠪᠠᠶᠠᠷ ᠤᠨ ᠴᠤᠭᠯᠠᠭᠠᠨ ᠬᠢᠵᠦ ᠦᠭᠴᠠᠢ᠃ ᠨᠠᠶᠠ ᠭᠠᠷᠤᠭᠰᠠᠨ ᠨᠢᠭᠡ ᠨᠠᠰᠤᠳᠠᠨ᠄ ︽ᠪᠢ ᠠᠩᠬ᠎ᠠ ᠤᠳᠠᠭ᠎ᠠ ᠲᠦᠷᠦᠭᠰᠡᠨ ᠡᠳᠦᠷ ᠤᠨ ᠪᠠᠶᠠᠷ ᠢᠶᠠᠨ ᠲᠡᠮᠳᠡᠭᠯᠡᠵᠦ ᠪᠠᠶᠢᠨ᠎ᠠ︾ ᠭᠡᠵᠦ ᠨᠢᠯᠪᠤᠰᠦ ᠮᠡᠯᠳᠡᠭᠨᠡᠭᠦᠯᠦᠨ ᠶᠠᠷᠢᠵᠦ ᠪᠠᠶᠢᠯ᠎ᠠ᠂ ᠲᠡᠳᠡᠨ ᠤ ᠰᠡᠳᠬᠢᠯ ᠲᠠᠯᠪᠢᠨ ᠪᠡᠯᠡᠳᠭᠡᠭᠰᠡᠨ ᠪᠡᠯᠡᠭ ᠢ ᠲᠤᠰᠤᠭᠰᠠᠨ ᠤ ᠲᠠᠷᠠᠭ᠎ᠠ ᠨᠠᠰᠤᠳᠠᠳ ᠴᠦᠮ ᠯᠡ ᠬᠡᠥᠬᠡᠳ ᠰᠢᠭ ᠪᠠᠶᠠᠷᠯᠠᠵᠦ ᠪᠠᠶᠢᠭᠰᠠᠨ ᠨᠢ ᠲᠡᠳᠡᠨ ᠤ ᠠᠵᠢᠯ ᠢᠶᠠᠨ ᠦᠷᠭᠦᠯᠵᠢᠯᠡᠨ ᠰᠠᠶᠢᠳᠤᠷ ᠬᠢᠬᠦ ᠵᠤᠷᠢᠭ ᠰᠦᠰᠦ ᠶᠢ ᠤᠯᠠᠮ ᠪᠠᠳᠤᠳᠬᠠᠵᠠᠢ᠃ ᠤᠳᠤ ᠪᠤᠯᠳᠠᠯ᠎ᠠ75 ᠨᠠᠰᠤᠨ ᠠᠴᠠ ᠲᠡᠭᠡᠭᠰᠢᠬᠢ80 ᠭᠠᠷᠤᠢ ᠨᠠᠰᠤᠳᠠᠨ ᠲᠤᠰ ᠠᠵᠢᠯᠯᠠᠭ᠎ᠠ ᠳᠤ ᠤᠷᠤᠯᠴᠠᠵᠦ᠂200 ᠭᠠᠷᠤᠢ ᠨᠠᠰᠤᠳᠠᠳ ᠨᠢᠭᠡᠨᠳᠡ ᠨᠡᠷ᠎ᠡ ᠮᠡᠳᠡᠭᠦᠯᠦᠭᠡᠳ ᠪᠠᠶᠢᠨ᠎ᠠ ᠃ ᠨᠡᠶᠢᠭᠡᠮ ᠲᠤᠭᠤᠷᠢᠭ ᠤᠨ ᠠᠵᠢᠯᠳᠠᠳ ᠪᠠᠰᠠ ᠲᠤᠭᠳᠠᠭᠰᠠᠨ ᠬᠤᠭᠤᠴᠠᠭ᠎ᠠ ᠲᠠᠢ ᠪᠠᠷ ᠨᠠᠰᠤᠳᠠᠶᠢᠴᠤᠳ ᠲᠤ ᠬᠡᠵᠢᠬᠡ ᠵᠠᠰᠠᠬᠤ ᠰᠠᠶᠢᠨ ᠲᠤᠷ᠎ᠠ ᠶᠢᠨ ᠦᠢᠯᠡᠴᠢᠯᠡᠬᠡᠨ ᠦᠷᠨᠢᠭᠦᠯᠵᠦ᠂ ᠪᠡᠶ᠎ᠡ ᠮᠠᠭᠤ ᠭᠡᠷ ᠠᠴᠠ ᠪᠠᠨ ᠭᠠᠷᠴᠦ ᠴᠢᠳᠠᠬᠤ ᠦᠭᠡᠢ ᠨᠠᠰᠤᠳᠠᠳ ᠲᠤ ᠬᠠᠯᠠᠭᠤᠨ ᠲᠤᠯᠠᠭᠠᠨ ᠦᠢᠯᠡᠴᠢᠯᠡᠭᠡ ᠬᠠᠩᠭᠠᠳᠠᠭ ᠪᠠᠶᠢᠨ᠎ᠠ᠃
微信图片_20240822094102.jpg
      ᠨᠡᠶᠢᠭᠡᠮ ᠲᠤᠭᠤᠷᠢᠭ ᠤᠨ ᠬᠢᠨ ᠨᠠᠰᠤᠳᠠᠶᠢᠴᠤᠳ ᠤᠨ ᠰᠡᠳᠬᠢᠯ ᠢ ᠲᠤᠯᠠᠭᠠᠴᠠᠭᠤᠯᠤᠭᠰᠠᠨ ᠠᠵᠢᠯᠯᠠᠭ᠎ᠠ ᠤᠯᠠᠨ ᠦᠷᠨᠢᠭᠦᠯᠦᠭᠰᠡᠨ ᠪᠦᠭᠡᠳ ᠰᠠᠭᠤᠭᠠᠯᠢ ᠲᠤᠭᠤᠷᠢᠭ ᠤᠨ ᠢᠶᠠᠨ ᠪᠠᠶᠢᠳᠠᠯ ᠳᠤ ᠵᠤᠬᠢᠴᠠᠭᠤᠯᠤᠨ ᠰᠤᠷᠭᠠᠭᠤᠯᠢ ᠴᠢᠯᠦᠭᠡ ᠲᠠᠯᠪᠢᠭᠰᠡᠨ ᠤ ᠲᠠᠷᠠᠭ᠎ᠠ ᠡᠬᠡ ᠴᠢᠭᠡ ᠨᠢ ᠠᠵᠢᠯᠯᠠᠵᠦ ᠪᠠᠶᠢᠭ᠎ᠠ ᠬᠡᠥᠬᠡᠳ ᠤᠨ ᠬᠠᠷᠠᠵᠦ ᠬᠠᠮᠢᠶᠠᠷᠬᠤ ᠬᠦᠮᠦᠨ ᠦᠭᠡᠢ ᠪᠠᠶᠢᠳᠠᠯ ᠳᠤ ᠬᠠᠨᠳᠤᠭᠤᠯᠤᠨ᠂ ᠲᠠᠪᠤᠨ ᠴᠠᠭ ᠬᠠᠭᠠᠰ ᠤᠨ ᠬᠢᠴᠢᠶᠡᠯ ᠤᠨ ᠲᠠᠩᠬᠢᠮ᠂ ᠠᠮᠠᠷᠠᠯᠳᠠ ᠶᠢᠨ ᠡᠳᠦᠷ ᠤᠨ ᠰᠤᠷᠤᠯᠴᠠᠬᠤ ᠠᠩᠭᠢ ᠪᠠᠶᠢᠭᠤᠯᠵᠦ᠂ ᠬᠡᠥᠬᠡᠳ ᠤᠳ ᠲᠤ ᠤᠷᠠᠨ ᠵᠢᠷᠤᠭ ᠤᠨ ᠬᠢᠴᠢᠶᠡᠯ᠂ ᠲᠠᠭᠤᠤ ᠬᠦᠭᠵᠢᠮ ᠤᠨ ᠬᠢᠴᠢᠶᠡᠯ᠂ ᠰᠢᠨᠵᠢᠯᠡᠬᠦ ᠤᠬᠠᠭᠠᠨ ᠤ ᠬᠢᠴᠢᠶᠡᠯ ᠵᠢᠴᠢ ᠲᠠᠰᠬᠠᠯ ᠲᠠᠭᠠᠭᠠᠯᠠᠭᠠᠪᠤᠷᠢ ᠶᠢ ᠨᠢ ᠬᠠᠪᠰᠤᠷᠤᠨ ᠵᠢᠯᠤᠭᠤᠳᠬᠤ ᠵᠡᠷᠭᠡ ᠦᠢᠯᠡᠴᠢᠯᠡᠭᠡ ᠬᠠᠩᠭᠠᠵᠦ᠂ ᠡᠨᠡ ᠵᠢᠯ ᠤᠨ ᠵᠤᠨ ᠤ ᠤᠨᠴᠠᠭᠠᠶᠢᠯᠠᠨ ᠤᠷᠠᠨ ᠪᠢᠴᠢᠯᠭᠡ ᠶᠢᠨ ᠨᠡᠶᠢᠭᠡᠮᠯᠢᠭ ᠤᠨ ᠪᠠᠭᠰᠢ ᠶᠢ ᠤᠷᠢᠨ ᠵᠠᠯᠠᠵᠦ᠂ ᠬᠡᠥᠬᠡᠳ ᠤᠳ ᠲᠤ ᠪᠤᠯᠤᠳ ᠪᠢᠷ ᠤᠨ ᠤᠷᠠᠨ ᠪᠢᠴᠢᠯᠭᠡ᠂ ᠦᠰᠦᠨ ᠪᠢᠷ ᠤᠨ ᠤᠷᠠᠨ ᠪᠢᠴᠢᠯᠭᠡ ᠶᠢᠨ ᠬᠢᠴᠶᠡᠯ ᠤᠷᠤᠭᠰᠠᠨ ᠪᠠᠶᠢᠨ᠎ᠠ᠃ ᠲᠡᠳᠡ ᠪᠠᠰᠠ ᠬᠠᠷᠢᠶ᠎ᠠ ᠤᠷᠤᠨ ᠤ ᠪᠠᠨ ᠠᠮᠢᠳᠤᠷᠠᠯ ᠬᠦᠴᠢᠷᠳᠡᠯᠳᠡᠢ ᠪᠤᠶᠤ ᠡᠪᠡᠳᠴᠢᠨ ᠵᠤᠪᠠᠯᠠᠩ ᠲᠠᠢ ᠬᠡᠥᠬᠡᠳ ᠲᠤ ᠨᠡᠶᠢᠭᠡᠮ ᠤᠨ ᠡᠯ᠎ᠡ ᠲᠠᠯ᠎ᠠ ᠶᠢᠨ ᠬᠠᠪᠰᠤᠷᠤᠮᠵᠢ ᠲᠦᠬᠦᠮᠵᠢ ᠤᠯᠭᠤᠬᠤ ᠪᠠᠷ ᠴᠢᠷᠮᠠᠶᠢᠨ ᠠᠵᠢᠯᠯᠠᠳᠠᠭ ᠪᠢᠯᠡ᠃ ᠰᠢᠶᠤᠤ ᠴᠢ ︵ᠪᠤᠷᠤᠭᠤᠯᠠᠭᠰᠠᠨ ᠨᠠᠷ᠎ᠡ︶14 ᠨᠠᠰᠤᠳᠠᠢ᠂ ᠭᠡᠷ ᠪᠦᠯᠢ ᠨᠢ ᠶᠠᠳᠠᠭᠤ ᠵᠦᠳᠡᠭᠦᠦ᠂ ᠲᠦᠷᠦᠯᠬᠢ ᠶᠢᠨ ᠡᠪᠡᠳᠴᠢᠨ ᠲᠠᠢ ᠠᠴᠠ ᠪᠤᠯᠵᠦ᠂ ᠨᠡᠶᠢᠭᠡᠮ ᠲᠤᠭᠤᠷᠢᠭ ᠤᠨ ᠬᠢᠨ ᠲᠡᠭᠦᠨ ᠤ ᠰᠤᠷᠭᠠᠭᠤᠯᠢ ᠳᠤ ᠤᠷᠤᠬᠤ ᠶᠢ ᠲᠡᠮᠵᠢᠬᠦ ᠡᠭᠦᠷᠭᠡ ᠶᠢ ᠡᠭᠦᠷᠭᠡᠯᠡᠵᠦ᠂ ᠦᠷᠭᠦᠯᠵᠢ ᠲᠡᠭᠦᠨ ᠳᠤ ᠰᠤᠷᠤᠯᠭ᠎ᠠ  ᠶᠢᠨ ᠬᠡᠷᠡᠭᠰᠡᠯ ᠵᠡᠷᠭᠡ ᠶᠢ ᠨᠢ ᠠᠪᠴᠦ ᠦᠭᠳᠡᠭ᠃ ᠨᠡᠶᠢᠭᠡᠮ ᠲᠤᠭᠤᠷᠢᠭ ᠤᠨ ᠬᠢᠨ ᠡᠮᠴᠢ ᠠᠴᠠ ᠠᠰᠠᠭᠤᠨ ᠯᠠᠪᠯᠠᠬᠤ  ᠪᠠᠷ ᠲᠠᠮᠵᠢᠨ ᠤᠯᠵᠦ ᠮᠡᠳᠡᠭᠰᠡᠨ ᠢᠶᠠᠷ᠂ ᠰᠢᠶᠤᠤ ᠴᠢ ᠶᠢᠨ ᠡᠪᠡᠳᠴᠢᠨ ᠨᠢ ᠬᠡᠳᠦ ᠤᠳᠠᠭ᠎ᠠ ᠮᠡᠰᠡ ᠵᠠᠰᠠᠯ ᠬᠢᠭᠰᠡᠨ ᠪᠤᠯ ᠡᠷᠡᠭᠦᠯᠵᠢᠬᠦ ᠪᠤᠯᠤᠯᠴᠠᠭ᠎ᠠ ᠲᠠᠢ᠂ ᠭᠡᠪᠡᠴᠦ ᠵᠠᠷᠤᠳᠠᠯ ᠨᠢ ᠨᠡᠯᠢᠶᠡᠳ ᠶᠡᠭᠡ ᠪᠦᠭᠡᠳ ᠡᠮ ᠡᠮᠨᠡᠯᠭᠡ ᠶᠢᠨ ᠲᠠᠭᠠᠳᠬᠠᠯ ᠤᠨ ᠲᠠᠩᠰᠠ ᠲᠠᠶᠢᠯᠠᠬᠤ ᠬᠡᠪᠴᠢᠶᠡᠨ ᠳᠤ ᠪᠠᠭᠳᠠᠬᠤ ᠦᠭᠡᠢ ᠤᠴᠢᠷ ᠠᠴᠠ ᠨᠡᠶᠢᠭᠡᠮ ᠲᠤᠭᠤᠷᠢᠭ ᠤᠨ ᠬᠢᠨ ᠨᠡᠶᠢᠭᠡᠮ ᠤᠨ ᠬᠠᠶᠢᠷ᠎ᠠ ᠬᠠᠯᠠᠮᠵᠢ ᠶᠢᠨ ᠬᠦᠮᠦᠰ ᠲᠠᠢ ᠬᠠᠷᠢᠯᠴᠠᠵᠦ᠂ ᠵᠢᠶᠠᠩ ᠬᠠᠳᠤᠭᠳᠠᠢ ᠰᠠᠷ᠎ᠠ ᠪᠦᠷᠢ ᠬᠡᠥᠬᠡᠳ  ᠲᠤ500 ᠲᠦᠭᠦᠷᠢᠭ ᠤᠨ ᠠᠮᠢᠳᠤᠷᠠᠯ ᠤᠨ ᠵᠠᠷᠤᠳᠠᠯ ᠦᠭᠬᠦ ᠪᠠᠷ ᠠᠮᠠᠯᠳᠠᠭᠰᠠᠨ ᠪᠦᠭᠡᠳ ᠬᠤᠵᠢᠮ ᠡᠮᠨᠡᠯᠭᠡ ᠳᠤ ᠰᠠᠭᠤᠵᠦ ᠡᠪᠡᠳᠴᠢᠨ ᠦᠵᠡᠭᠦᠯᠵᠦ ᠳᠤ ᠶᠠᠮᠠᠷ ᠬᠠᠪᠰᠤᠷᠤᠯᠭ᠎ᠠ ᠬᠡᠷᠡᠭ ᠲᠠᠢ ᠪᠤᠯ ᠴᠠᠭ ᠲᠤᠬᠠᠢ ᠳᠤᠨᠢ ᠲᠡᠭᠦᠨ ᠲᠠᠢ ᠬᠠᠷᠢᠯᠴᠠᠨ᠎ᠠ ᠭᠡᠵᠡᠢ᠃
微信图片_20240822094105.jpg
      ᠴᠢᠯᠦᠭᠡᠯᠡᠯᠳᠡ ᠵᠡᠭᠡᠯᠢ ᠨᠡᠶᠢᠭᠡᠮ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠦᠷᠳᠡᠭᠡ ᠨᠢ ︵ᠦᠳᠡᠯᠦᠭᠡ ᠨᠠᠰᠤᠳᠠᠳ ᠦᠰᠪᠦᠷᠢ ᠶᠢᠨ ᠪᠠᠭᠠᠴᠤᠳ︶ ᠢᠶᠠᠷ ᠭᠤᠤᠯᠳᠠᠯᠭ᠎ᠠ ᠪᠠᠨ ᠪᠤᠯᠭᠠᠨ᠂ ᠠᠩᠬᠠᠷᠤᠯ ᠢᠶᠠᠨ ᠲᠦᠪᠯᠡᠷᠡᠭᠦᠯᠵᠦ᠂ ᠨᠠᠮ ᠤᠨ ᠪᠠᠶᠢᠭᠤᠯᠤᠯᠳᠠ᠂ ᠦᠢᠯᠡᠴᠢᠯᠡᠭᠡ᠂ ᠠᠵᠢᠯᠯᠠᠭ᠎ᠠ ᠶᠢ ᠤᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠪᠦᠬᠦ ᠲᠠᠯ᠎ᠠ ᠪᠠᠷ ᠦᠷᠭᠡᠳᠭᠡᠵᠦ᠂ ︽ᠠᠷᠠᠳ ᠲᠤ ᠲᠦᠭᠦᠮ ᠦᠵᠡᠭᠦᠯᠬᠦ  + ᠦᠢᠯᠡᠴᠢᠯᠡᠬᠦ︾ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠠᠰᠤᠳᠠᠶᠢᠴᠤᠳ ᠢ ᠬᠠᠯᠠᠮᠵᠢᠯᠠᠨ ᠬᠠᠶᠢᠷᠠᠯᠠᠬᠤ᠂ ᠪᠠᠭᠠᠴᠤᠳ ᠲᠤ ᠰᠡᠳᠬᠢᠯ ᠲᠠᠯᠪᠢᠬᠤ᠂ ᠠᠷᠠᠳ ᠤᠨ ᠠᠮᠢᠳᠤᠷᠠᠯ ᠤᠨ ᠡᠳᠦᠷ ᠲᠤᠳᠤᠮ ᠤᠨ ᠵᠢᠵᠢᠭ ᠠᠰᠠᠭᠤᠳᠠᠯ ᠠᠴᠠ ᠭᠠᠷᠳᠠᠵᠦ᠂ ᠲᠤᠮᠤ ᠰᠡᠳᠦᠪ ᠢ ᠴᠦ ᠪᠠᠭ᠎ᠠ ᠪᠠᠭ᠎ᠠ ᠪᠠᠷ ᠰᠢᠢᠳᠪᠦᠷᠢᠯᠡᠵᠦ᠂ ᠰᠠᠭᠤᠭᠠᠯᠢ ᠠᠷᠠᠳ ᠤᠨ ᠢᠶᠠᠨ ᠰᠡᠳᠬᠢᠯ ᠢ ᠲᠤᠯᠠᠭᠠᠴᠠᠭᠤᠯᠬᠤ ᠦᠢᠯᠡᠴᠢᠯᠡᠭᠡ ᠶᠢ ᠭᠡᠷ ᠡᠭᠦᠳᠡᠨ  ᠳᠤ ᠬᠦᠷᠭᠡᠵᠦ᠂ ᠠᠷᠠᠳ ᠤᠨ ᠠᠮᠢᠳᠤᠷᠠᠯ ᠤᠨ ᠵᠤᠯ ᠵᠢᠷᠭᠠᠯ ᠤᠨ ᠰᠢᠨ᠎ᠡ ᠵᠢᠷᠤᠭ ᠲᠦᠰᠦᠪ ᠢ ᠵᠢᠷᠤᠭᠯᠠᠬᠤ ᠪᠠᠷ ᠤᠯᠠᠮ ᠵᠤᠷᠢᠭ ᠲᠡᠭᠦᠯᠳᠡᠷ ᠴᠢᠷᠮᠠᠶᠢᠨ ᠠᠵᠢᠯᠯᠠᠵᠦ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号