ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ︽ᠨᠡᠪᠲᠡᠷᠡᠭᠦᠯᠬᠦ︾ ᠪᠠᠷ ᠦᠨᠳᠦᠰᠦᠨ ᠱᠠᠲᠤᠨ ᠤ ᠡᠮ ᠡᠮᠨᠡᠯᠭᠡ ᠶᠢᠨ ︽ᠭᠡᠮ ᠰᠤᠪᠠᠭ︾  ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/8/23
      ︽ᠣᠷᠴᠢᠮ ᠮᠢᠨᠤ ᠬᠥᠯ ᠡᠪᠡᠳᠴᠦ ᠪᠠᠶᠢᠨ᠎ᠠ᠂ ᠬᠤᠶᠠᠷ ᠡᠳᠦᠷ ᠤᠨ ᠡᠮᠦᠨ᠎ᠡ ᠯᠦ ᠡᠮᠴᠢ ᠠᠴᠠ ᠬᠡᠵᠢᠶ᠎ᠡ ᠢᠷᠡᠬᠡᠳ ᠨᠠᠳᠠ ᠳᠤ ᠦᠵᠡᠵᠦ ᠦᠭᠬᠦ ᠪᠤᠢ︖︾  ︽ᠬᠤᠰᠢᠭᠤᠨ ᠡᠮᠴᠢ ᠨᠠᠷ ᠲᠣᠭᠲᠠᠭᠰᠠᠨ ᠬᠤᠭᠤᠴᠠᠭ᠎ᠠ ᠲᠠᠢ ᠪᠠᠷ ᠪᠠᠭᠤᠵᠤ ᠢᠷᠡᠪᠡᠯ ᠪᠢᠳᠡ ᠬᠤᠰᠢᠭᠤᠨ ᠳᠤ ᠣᠴᠢᠬᠤ ᠬᠡᠷᠡᠭ ᠦᠭᠡᠢ᠂ ᠵᠣᠭᠤᠰ ᠠᠷᠪᠢᠯᠠᠵᠤ᠂ ᠴᠠᠭ ᠠᠷᠪᠢᠯᠠᠬᠤ ᠮᠦᠷᠳᠡᠭᠡᠨ ᠳᠥᠭᠦᠮ ᠪᠣᠯᠤᠨ᠎ᠠ︾  ︽ᠣᠳᠤ ᠪᠠᠭ᠎ᠠ ᠰᠠᠭ᠎ᠠ ᠡᠪᠡᠳᠴᠢᠨ ᠢ  ︿ᠭᠡᠷ ᠤᠨ ᠡᠭᠦᠳᠡᠨ ﹀ ᠳᠤ ᠪᠠᠨ ᠦᠵᠡᠵᠦ ᠳᠡᠶᠢᠯᠦᠨ᠎ᠡ᠂ ᠲᠣᠩ ᠳᠥᠭᠦᠮ ᠪᠣᠯᠵᠠᠢ︾᠃ ᠁ ᠁  ᠥᠷᠯᠥᠭᠡ ᠡᠷᠳᠡ᠂ ᠰᠢᠪᠠᠷᠬᠦᠷᠢᠶ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠡᠪᠡᠳᠴᠢᠨ ᠦᠵᠡᠭᠦᠯᠬᠦ ᠪᠠᠷ ᠢᠷᠡᠭᠰᠡᠨ ᠤᠯᠠᠨ ᠲᠦᠮᠡᠨ ᠲᠦᠬᠦᠷᠡᠳᠡᠯ᠎ᠡ ᠰᠠᠭᠤᠵᠤ᠂ ᠡᠮ ᠡᠮᠨᠡᠯᠭᠡ ᠶᠢᠨ ᠡᠬᠢ ᠪᠠᠶᠠᠯᠢᠭ  ᠢ  ᠲᠤᠷᠤᠭᠰᠢ  ᠬᠦᠨᠵᠡᠭᠡᠶᠢᠷᠡᠬᠦᠯᠬᠦ ᠲᠤᠬᠠᠢ ᠠᠮᠠ ᠬᠠᠮᠬᠢᠯ ᠦᠭᠡᠢ ᠮᠠᠭᠳᠠᠵᠠᠭᠠᠨ᠎ᠠ᠃     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠦᠨ ᠠᠮᠠ ᠶᠢᠨ ᠬᠥᠭᠵᠢᠯᠲᠡ ᠶᠢ ᠳᠡᠮᠵᠢᠬᠦ ᠪᠠ ᠦᠢᠯᠡᠴᠢᠯᠡᠬᠦ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠳᠤᠷᠠᠳᠴᠠᠢ᠃ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠳᠤ ᠨᠠᠩ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ  ᠪᠦᠬᠦ ᠲᠠᠯ᠎ᠠ ᠪᠠᠷ ᠨᠢᠭᠡᠳᠦᠯᠲᠡᠶ ᠲᠦᠯᠦᠪᠵᠢᠬᠦᠯᠬᠦ ᠶᠢ ᠴᠢᠩᠭᠠᠳᠬᠠᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ  ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠤᠤᠯᠳᠠᠯᠭ᠎ᠠ ᠲᠠᠢ ᠡᠭᠦᠷᠭᠡ ᠪᠣᠯᠭᠠᠨ ᠪᠦᠬᠦᠯᠢ ᠴᠣᠭᠴᠠ ᠪᠠᠷ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ 4 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ 11 ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠪᠣᠯᠭᠠᠨ ᠪᠠᠶᠢᠭᠤᠯᠵᠤ᠂ ᠦᠢᠯᠡᠴᠢᠯᠡᠭᠡᠨ ᠤ ᠬᠡᠪᠴᠢᠶ᠎ᠡ   ᠨᠢ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠪᠠ᠃ ᠦᠨᠳᠦᠰᠦᠨ ᠱᠠᠲᠤᠨ ᠤ ᠨᠠᠰᠤᠲᠠᠶᠢᠴᠤᠳ ᠠᠷᠪᠢᠨ᠂ ᠵᠠᠮ ᠬᠤᠯᠠ᠂ ᠡᠪᠡᠳᠴᠢᠨ ᠦᠵᠡᠭᠦᠯᠬᠦ ᠳᠤ ᠳᠥᠭᠦᠮ ᠦᠭᠡᠢ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠳᠣᠤᠷ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠬᠦ ᠡᠮᠨᠡᠯᠭᠡ ᠶᠢᠨ ᠬᠤᠷᠢᠶ᠎ᠠ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ  ᠲᠤᠷᠤᠭᠰᠢ ᠬᠦᠨᠵᠡᠬᠡᠶᠢᠷᠡᠬᠦᠯᠬᠦ  ᠡᠷᠴᠢᠮ ᠢᠶᠠᠨ ᠴᠢᠭᠯᠡᠭᠦᠯᠬᠦ ᠴᠢᠨᠠᠷᠲᠠᠶ ᠪᠠᠷ ᠴᠢᠩᠭᠠᠷᠠᠭᠤᠯᠵᠤ᠂ ᠬᠢᠲᠠᠳ ᠮᠣᠩᠭᠤᠯ ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠨ᠂ ᠲᠣᠮᠢᠯᠠᠨ ᠰᠠᠭᠤᠯᠭᠠᠬᠤ ᠪᠠ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠭᠡᠯᠪᠡᠷᠢ ᠶᠢ ᠠᠪᠤᠪᠠ᠃ ᠮᠠᠯᠴᠢᠨ ᠲᠠᠷᠢᠶᠠᠴᠢᠨ ᠤ ᠡᠪᠡᠳᠴᠢᠨ ᠦᠵᠡᠭᠦᠯᠬᠦ ᠳᠠᠳᠬᠠᠯ ᠢ ᠦᠨᠳᠦᠰᠦᠯᠡᠨ᠂  ᠲᠠᠷᠢᠶᠠᠯᠠᠬᠤ ᠣᠷᠣᠨ ᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠢᠲᠠᠳ ᠡᠮᠨᠡᠯᠭᠡ ᠶᠢ ᠲᠣᠮᠢᠯᠠᠨ ᠰᠠᠭᠤᠯᠭᠠᠵᠤ ᠬᠠᠪᠰᠤᠷᠤᠨ ᠲᠡᠳᠬᠦᠵᠦ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠵᠦ᠂ ᠮᠠᠯᠵᠢᠬᠤ ᠣᠷᠣᠨ ᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠮᠣᠩᠭᠤᠯ ᠡᠮᠨᠡᠯᠭᠡ ᠶᠢ ᠲᠣᠮᠢᠯᠠᠨ ᠰᠠᠭᠤᠯᠭᠠᠵᠤ ᠲᠣᠭᠤᠷᠢᠨ ᠡᠮᠨᠡᠬᠦ ᠠᠵᠢᠯᠯᠠᠭ᠎ᠠ  ᠦᠷᠨᠢᠬᠦᠯᠪᠡ ᠃    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠪᠠᠷᠬᠦᠷᠢᠶ᠎ᠡ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠭᠦᠸᠧ ᠯᠢ ᠪᠦᠦ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠬᠦᠯᠡᠭᠴᠢ ᠡᠮᠨᠡᠯᠭᠡ ᠶᠢᠨ ᠬᠤᠷᠢᠶ᠎ᠠ ᠦᠨᠳᠦᠰᠦᠨ ᠱᠠᠲᠤᠨ ᠳᠤ ᠭᠦᠨᠵᠡᠭᠡᠶᠢᠷᠡᠨ ᠣᠯᠠᠨ ᠲᠦᠮᠡᠨ ᠳᠤ  ᠦᠢᠯᠡᠴᠢᠯᠡᠵᠦ᠂ ᠰᠢᠪᠠᠷᠬᠦᠷᠢᠶ᠎ᠡ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠬᠢᠲᠠᠳ ᠡᠮᠨᠡᠯᠭᠡ ᠶᠢᠨ ᠰᠠᠯᠠᠭᠠᠨ ᠤ ᠨᠠᠷᠠᠲᠤ ᠡᠮᠴᠢ ᠯᠦ ᠵᠠᠨ ᠬᠠᠢ ᠶᠢ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠲᠣᠮᠢᠯᠠᠨ ᠂ ᠭᠠᠷᠠᠭ ᠪᠤᠯᠭᠠᠨ ᠤ ᠭᠠᠷᠠᠭ ᠤᠨ ᠡᠳᠦᠷ ᠰᠠᠭᠤᠯᠭᠠᠵᠤ ᠡᠮᠴᠢᠯᠡᠬᠦᠯᠪᠡ︾ ᠃ ᠪᠠᠰᠠ ᠡᠯ᠎ᠡ ᠰᠠᠯᠠᠭ᠎ᠠ ᠲᠠᠰᠤᠭ ᠤᠨ ᠡᠮᠴᠢ ᠶᠢ ᠭᠠᠷᠠᠭ ᠪᠦᠷᠢ ᠡᠭᠡᠯᠵᠢᠯᠡᠨ ᠡᠷᠡᠭᠦᠯ ᠬᠠᠮᠠᠭᠠᠯᠠᠯ ᠤᠨ ᠬᠤᠷᠢᠶᠠᠨ ᠳᠤ ᠲᠣᠮᠢᠯᠠᠨ ᠰᠠᠭᠤᠯᠭᠠᠵᠤ ᠨᠢᠭᠡ ᠨᠢᠭᠡ ᠪᠠᠷ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠢ ᠰᠢᠶᠠᠩ ᠠᠴᠠ ᠪᠠᠨ ᠭᠠᠷᠬᠤ ᠦᠭᠡᠢ ᠪᠠᠷ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠶᠢ ᠬᠦᠷᠳᠡᠭᠡᠨ᠎ᠡ︾ ᠭᠡᠵᠡᠢ᠃        ︽  ᠪᠢ ᠢᠯᠡᠭᠦᠦ ᠬᠦᠶᠦᠪᠡᠯ᠂ ᠣᠯᠠᠨ ᠲᠦᠮᠡᠨ ᠢ ᠳᠤᠲᠠᠭᠤ ᠬᠦᠶᠦᠯᠬᠡᠬᠦ ᠪᠣᠯᠣᠨ᠎ᠠ᠃ ᠣᠯᠠᠨ ᠲᠦᠮᠡᠨ ᠤ ᠵᠠᠮ ᠬᠥᠭᠡᠭᠡᠵᠦ᠂ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ ᠠᠰᠠᠭᠤᠳᠠᠯ ᠢ ᠨᠠᠮᠳᠠᠭᠤᠯᠵᠤ᠂ ᠣᠯᠠᠨ ᠲᠦᠮᠡᠨ ᠢ ︿ᠬᠡᠷ ᠤᠨ ᠡᠭᠦᠳᠡᠨ﹀ ᠳᠤ ᠨᠢ ᠡᠮᠴᠢᠯᠡᠭᠡᠨ ᠤ ᠰᠠᠶᠢᠨ ᠦᠢᠯᠡᠴᠢᠯᠡᠭᠡ ᠬᠦᠷᠲᠡᠭᠡᠵᠦ ᠴᠢᠳᠠᠨ᠎ᠠ︾ ᠭᠡᠵᠦ  ᠶᠠᠭᠠᠷᠠᠯᠲᠠᠶ ᠪᠠᠶᠢᠭᠰᠠᠨ ᠯᠦ ᠵᠠᠨ ᠬᠠᠶ ᠡᠮᠴᠢ ᠬᠡᠯᠡᠪᠡ᠃ ᠬᠡᠰᠡᠭ ᠬᠤᠭᠤᠴᠠᠭᠠᠨ ᠤ ᠲᠤᠰᠬᠠᠶ ᠮᠡᠷᠭᠡᠵᠢᠯᠲᠡᠨ ᠬᠥᠳᠡᠭᠡ ᠲᠣᠰᠬᠤᠨ ᠳᠤ ᠦᠷᠬᠦᠯᠵᠢ ᠬᠦᠨᠵᠡᠭᠡᠶᠢᠷᠡᠨ ᠪᠠᠭᠤᠬᠤ ᠪᠠᠷ ᠳᠡᠮᠵᠢᠨ᠂ ᠦᠨᠳᠦᠰᠦᠨ ᠱᠠᠲᠤᠨ ᠤ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠪᠦᠲᠦᠮᠵᠢᠲᠡᠶ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ᠲᠦᠢᠯ ᠤᠨ ᠶᠡᠭᠡ ᠲᠥᠬᠦᠮ ᠦᠵᠡᠭᠦᠯᠵᠦ᠂ ᠡᠮᠨᠡᠯᠭᠡ ᠶᠢᠨ ᠬᠤᠷᠢᠶᠠᠨ ᠤ ᠠᠷᠠᠳ ᠲᠤ ᠲᠥᠬᠦᠮ ᠦᠵᠡᠭᠦᠯᠬᠦ᠂ ᠠᠷᠠᠳ ᠤᠨ ᠲᠥᠯᠥᠭᠡ ᠪᠠᠶᠢᠬᠤ᠂ ᠠᠷᠠᠳ ᠲᠤ ᠠᠰᠢᠭ ᠬᠦᠷᠲᠡᠭᠡᠬᠦ ᠣᠭ ᠰᠠᠨᠠᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠷᠠᠳ ᠣᠯᠠᠨ ᠤ  ᠬᠠᠮᠳᠤ ᠶᠢᠨ  ᠬᠦᠷᠢᠶᠡᠯᠡᠯ ᠢ ᠤᠯᠪᠠ᠃ ᠰᠠᠶ᠋ᠢᠬᠠᠨ ᠡᠮᠨᠡᠭᠦᠯᠵᠦ ᠳᠠᠭᠤᠰᠤᠭᠰᠠᠨ 64 ᠨᠠᠰᠤᠲᠠᠢ ᠵᠠᠩ ᠱᠤᠸᠠᠨ ᠄  ︽ᠣᠳᠣ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠨᠥᠬᠦᠴᠡᠯ ᠮᠠᠰᠢ ᠰᠠᠶᠢᠨ ᠪᠣᠯᠵᠠᠢ᠂ ᠲᠤᠰᠬᠠᠶ ᠮᠡᠷᠭᠡᠵᠢᠯᠲᠡᠨ ᠨᠠᠷᠠᠲᠤ ᠡᠮᠴᠢ ᠠᠰᠠᠭᠤᠨ ᠯᠠᠪᠯᠠᠵᠤ ᠣᠨᠣᠰᠢᠯᠠᠨ᠂ ᠡᠷᠡᠭᠦᠯ ᠬᠠᠮᠠᠭᠠᠯᠠᠯ ᠤᠨ ᠬᠤᠷᠢᠶᠠᠨ ᠤ ᠦᠢᠯᠡᠴᠢᠯᠡᠭᠡ ᠨᠢ  ᠰᠠᠶᠢᠨ᠂ ᠣᠷᠴᠢᠨ ᠲᠣᠭᠤᠷᠢᠨ ᠤ ᠨᠦᠬᠦᠴᠡᠯ ᠨᠢ ᠴᠦ ᠰᠠᠶᠢᠨ᠂ ᠡᠪᠡᠳᠴᠢᠨ ᠦᠵᠡᠭᠦᠯᠬᠦ ᠳᠤ ᠬᠦᠴᠢᠷ ᠪᠢᠰᠢ ᠪᠣᠯᠵᠠᠢ︾  ᠬᠡᠵᠦ ᠬᠡᠯᠡᠪᠡ᠃        ︽ᠡᠨᠡ ᠪᠣᠯ ᠪᠠᠭᠠᠨ᠎ᠠ ᠨᠢᠷᠤᠭᠤ᠂ ᠬᠥᠮᠦᠨ ᠤ ᠪᠡᠶ᠎ᠡ ᠶᠢᠨ ᠴᠢᠬᠤᠯᠠ ᠡᠷᠬᠡᠲᠡᠨ ᠁︾  ᠬᠡᠵᠦ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤᠨ ᠤ  ᠮᠤᠩᠭᠤᠯ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯ ᠤᠨ ᠡᠮᠴᠢ ᠶᠠᠭ ᠲᠤᠰᠠᠯᠠᠬᠤ ᠰᠤᠷᠤᠬᠴᠢ ︵ᠲᠤᠰᠠᠯᠠᠬᠤ ᠡᠮᠴᠢ ᠶᠢᠨ ᠲᠦᠷᠢᠮᠵᠢᠭᠰᠡᠨ ᠪᠣᠯᠪᠠᠰᠤᠷᠠᠯ ᠤᠨ ᠡᠮᠴᠢ︶ ᠪᠣᠯᠤᠨ‌‍ᠲ᠋ᠠᠳᠤᠯᠭ᠎ᠠ ᠶᠢᠨ ᠰᠤᠷᠤᠭᠴᠢᠳ ᠲᠤ ᠲᠤᠬᠠᠢ ᠶᠢᠨ ᠲᠠᠯᠠᠪᠠᠢ ᠳᠤ ᠵᠢᠭᠠᠨ ᠰᠤᠷᠭᠠᠯᠲᠠ ᠬᠢᠵᠦ ᠪᠠᠶᠢᠪᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯ ᠤᠨ ᠳᠠᠭᠠᠭᠤᠯᠤᠨ ᠰᠤᠷᠭᠠᠬᠤ ᠪᠠᠭᠰᠢ ᠪᠢᠳᠡᠨ ᠳᠤ ᠣᠨᠣᠯ ᠤᠨ ᠲᠠᠶᠢᠯᠤᠮᠵᠢ ᠬᠢᠵᠦ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ ᠵᠡᠷᠭᠡ ᠠᠵᠢᠯᠯᠠᠭ᠎ᠠ  ᠶᠢ ᠦᠷᠨᠢᠬᠦᠯᠵᠦ᠂  ᠪᠢᠳᠠ ᠡᠮᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡᠳᠦᠯᠭᠡ ᠶᠢᠨ ᠲᠤᠷᠰᠢᠯᠭ᠎ᠠ ᠪᠠᠨ ᠨᠡᠮᠡᠭᠳᠡᠭᠦᠯᠵᠦ᠂ ᠡᠪᠡᠳᠴᠢᠲᠡᠨ ᠳᠤ ᠨᠠᠩ ᠲᠦᠷᠭᠡᠨ ᠨᠠᠩ ᠰᠠᠶᠢᠨ ᠦᠢᠯᠡᠴᠢᠯᠡᠭᠡ ᠬᠠᠩᠭᠠᠪᠠ︾  ᠬᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ  ᠲᠤᠰᠠᠯᠠᠬᠤ ᠰᠤᠷᠤᠭᠴᠢ ᠯᠢᠦ ᠮᠢᠩ ᠰᠢᠩ ᠬᠡᠯᠡᠪᠡ᠃    ᠣᠶᠢᠯᠠᠭᠠᠭᠰᠠᠨ ᠢᠶᠠᠷ᠂ ᠣᠲᠣ ᠪᠣᠯᠲᠠᠯ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠮᠣᠩᠭᠤᠯ ᠡᠮᠨᠡᠯᠭᠡ ᠶᠢᠨ ᠲᠤᠰᠠᠯᠠᠬᠤ ᠡᠮᠴᠢ ᠶᠢᠨ ᠲᠦᠷᠢᠮᠵᠢᠭᠰᠡᠨ ᠪᠣᠯᠪᠠᠰᠤᠷᠠᠭᠤᠯᠤᠯ ᠤᠨ ᠡᠮᠴᠢ 9 ᠬᠥᠮᠦᠨ᠂ ᠳᠠᠳᠤᠯᠭ᠎ᠠ ᠶᠢᠨ ᠰᠣᠷᠣᠭᠴᠢ 9 ᠬᠥᠮᠦᠨ ᠢ ᠬᠥᠮᠦᠵᠢᠭᠦᠯᠵᠡᠶ᠃ ᠰᠠᠭᠤᠵᠤ ᠤᠨᠤᠰᠢᠯᠠᠬᠤ ᠪᠠ ᠳᠠᠭᠠᠭᠤᠯᠤᠨ ᠰᠤᠷᠭᠠᠬᠤ ᠶᠢ ᠬᠠᠷᠢᠯᠴᠠᠨ ᠤᠶᠠᠯᠳᠤᠭᠤᠯᠬᠤ ᠪᠠᠷ ᠳᠠᠮᠵᠢᠨ᠂ ᠦᠨᠳᠦᠰᠦᠨ ᠱᠠᠲᠤᠨ ᠤ ᠡᠮᠴᠢ ᠶᠢᠨ ᠣᠨᠣᠯ ᠤᠨ ᠵᠢᠯᠣᠭᠤᠳᠤᠯᠭ᠎ᠠ ᠪᠠᠨ ᠦᠢᠯᠡᠳᠦᠯᠭᠡ ᠶᠢᠨ ᠣᠨᠣᠰᠢᠯᠠᠨ ᠡᠮᠨᠡᠬᠦ ᠲᠡᠰᠢ ᠬᠤᠪᠢᠷᠠᠭᠤᠯᠬᠤ ᠶᠢ  ᠪᠡᠶᠡᠯᠡᠬᠦᠯᠵᠠᠢ᠃ ᠲᠦᠷᠦᠭᠦᠯᠡᠨ ᠬᠢᠬᠦ ᠡᠮᠨᠡᠯᠭᠡ ᠶᠢᠨ ᠬᠤᠷᠢᠶᠠᠨ ᠤ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ ᠲᠠᠢ ᠡᠮᠴᠢ ᠡᠮᠨᠡᠯᠭᠡ ᠳᠤ ᠰᠠᠭᠤᠵᠤ ᠤᠨᠤᠰᠢᠯᠠᠬᠤ ᠶᠢ ᠳᠠᠭᠠᠭᠤᠯᠤᠨ ᠰᠤᠷᠭᠠᠬᠤ᠂ ᠣᠨᠣᠯ ᠤᠨ ᠲᠠᠶᠢᠯᠤᠮᠵᠢ ᠬᠢᠬᠦ᠂ ᠦᠨᠳᠦᠰᠦᠨ ᠱᠠᠲᠤᠨ ᠤ ᠡᠮᠴᠢ ᠶᠢ ᠨᠢᠭᠡ ᠨᠢᠭᠡ ᠪᠠᠷ  ᠬᠠᠪᠰᠤᠷᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠪᠣᠳᠠᠲᠠᠶ ᠬᠢᠬᠦ ᠮᠡᠷᠭᠡᠵᠢᠯ ᠢ ᠬᠠᠪᠰᠤᠷᠤᠨ ᠥᠷᠨᠢᠭᠦᠯᠵᠦ᠂ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠶᠢᠨ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ  ᠲᠡᠭᠡᠭᠰᠢᠯᠡᠬᠦᠯᠪᠡ᠃ ᠡᠭᠦᠨ ᠤ ᠬᠠᠮᠲᠤ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠵᠡᠷᠭᠡ ᠠᠵᠢᠯ ᠢ ᠢᠳᠡᠪᠬᠢᠲᠡᠶ ᠠᠬᠢᠭᠤᠯᠵᠤ᠂ ᠡᠷᠡᠭᠦᠯ ᠮᠡᠨᠳᠦ ᠶᠢ ᠬᠠᠮᠠᠭᠠᠯᠠᠬᠤ ᠪᠣᠭᠤᠮᠲᠠ ᠶᠢ ᠤᠷᠤᠭᠰᠢ ᠰᠢᠯᠵᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠰᠢᠭ ᠲᠤᠰᠠ ᠶᠢ ᠬᠦᠷᠲᠡᠭᠡᠵᠦ᠂ ᠦᠨᠳᠦᠰᠦᠨ ᠱᠠᠲᠤᠨ ᠤ ᠣᠯᠠᠨ ᠲᠦᠮᠡᠨ ᠤ ︽ᠪᠠᠭ᠎ᠠ ᠡᠪᠡᠳᠴᠢᠨ ᠢ ᠦᠨᠳᠦᠰᠦᠨ ᠱᠠᠲᠤᠨ ᠳᠤ ᠡᠮᠴᠢᠯᠡᠬᠦᠯᠵᠦ᠂ ᠬᠦᠨᠳᠦ ᠡᠪᠡᠳᠴᠢᠨ ᠢ ᠬᠤᠰᠢᠭᠤᠨ  ᠤ ᠡᠮᠨᠡᠯᠭᠡ ᠳᠤ ᠡᠮᠨᠡᠬᠦᠯᠵᠦ᠂ ᠡᠷᠡᠭᠦᠯᠵᠢᠯ ᠢ ᠦᠨᠳᠦᠰᠦᠨ ᠱᠠᠲᠤᠨ ᠳᠤ  ᠬᠢᠬᠦ︾ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠪᠡ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠠᠴᠠ ᠴᠢᠩᠭᠠᠳᠬᠠᠭᠰᠠᠨ ᠨᠢ᠂ ᠠᠷᠠᠳ ᠤᠨ ᠠᠮᠢᠳᠤᠷᠠᠯ ᠢ ᠪᠦᠬᠦ ᠲᠠᠯ᠎ᠠ ᠪᠠᠷ ᠪᠠᠲᠤᠯᠠᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠦᠢᠯᠡᠴᠢᠯᠡᠭᠡ ᠪᠣᠯᠤᠨ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ  ᠬᠦᠰᠡᠯ ᠡᠷᠡᠮᠡᠯᠵᠡᠯ ᠢ ᠬᠠᠩᠭᠠᠬᠤ ᠬᠡᠷᠡᠭᠲᠡᠢ ᠭᠡᠪᠡ᠃ ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠤᠯᠠᠮ ᠴᠢᠨᠠᠭᠰᠢᠳᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠡᠬᠢ ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠥᠬᠦ ᠬᠤᠰᠢᠭᠤᠨ ᠤ ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号