ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠡᠷᠭᠡᠨ ᠠᠷᠭ᠎ᠠ ᠤᠯᠠᠨ᠂ ᠪᠤᠰᠤᠳ ᠤᠨ ᠶᠠᠭᠠᠬᠢᠵᠤ ᠬᠢᠬᠦ ᠪᠠᠶᠢᠬᠤ ᠶᠢ ᠦᠵᠡᠶ᠎ᠡ
ᠨᠡᠶᠢᠲᠡᠯᠡᠭᠰᠡᠨ ᠴᠠᠭ᠄
2024/8/24
      8 ᠰᠠᠷ᠎ᠠ ᠶᠢᠨ 23 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠠᠩ ᠰᠢᠶᠤᠤ ᠬᠤᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠯᠢᠦ ᠶᠢᠨ ᠯᠢᠶᠠᠩ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ  ᠬᠡᠰᠢᠬᠦᠳ ᠵᠡᠷᠭᠡ 60 ᠭᠠᠷᠤᠶ ᠬᠥᠮᠦᠨ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠵᠠᠶ᠃     ᠨᠢᠭᠡ ᠡᠳᠦᠷ ᠤᠨ ᠬᠤᠭᠤᠴᠠᠭ᠎ᠠ ᠲᠠᠢ ᠲᠣᠭᠤᠷᠢᠨ ᠦᠵᠡᠬᠦ ᠠᠵᠢᠯᠯᠠᠭ᠎ᠠ ᠳᠤ᠂ ᠲᠣᠭᠤᠷᠢᠨ ᠦᠵᠡᠬᠦ ᠬᠥᠮᠦᠰ ᠳᠠᠷᠬᠠᠨ ᠰᠤᠮᠤᠨ ᠤ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠰᠠᠭᠤᠷᠢᠨ ᠭᠠᠵᠠᠷ᠂ ᠳᠠᠷᠬᠠᠨ ᠮᠤᠤᠮᠢᠩᠭᠠᠨ ᠬᠤᠰᠢᠭᠤᠨ ᠤ ᠭᠤᠸᠠᠩ ᠲᠠᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠬᠤᠷᠰᠢᠶ᠎ᠠ᠂ ᠣᠲᠣ ᠦᠶ᠎ᠡ ᠶᠢᠨ ᠪᠣᠬᠢᠷᠲᠤᠯ ᠥᠬᠡᠶ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠲᠥᠷᠥᠯ ᠵᠦᠢᠯ᠂ ᠬᠤᠸᠠᠩ ᠬᠤᠸᠠ ᠲᠠᠨ ᠲᠣᠰᠬᠤᠨ ᠤ  ᠮᠢᠬᠠᠨ ᠤ ᠬᠤᠨᠢ ᠶᠢ ᠦᠷᠡᠵᠢᠭᠦᠯᠦᠨ ᠪᠤᠶᠢᠵᠢᠭᠤᠯᠬᠤ ᠶᠢ ᠨᠢᠭᠡ ᠴᠣᠭᠴᠠᠵᠢᠭᠤᠯᠬᠤ ᠲᠥᠷᠥᠯ ᠵᠦᠢᠯ᠂ ᠰᠢᠪᠡᠷᠬᠦ᠋ᠷᠢᠶ᠎ᠡ ᠪᠠᠯᠭᠠᠰᠤᠨ ᠤ  ᠰᠢᠪᠡᠷᠬᠦ᠋ᠷᠢᠶ᠎ᠡ ᠲᠣᠰᠬᠤᠨ ᠤ ᠪᠣᠬᠢᠷᠲᠤᠯ ᠥᠬᠡᠶ ᠣᠷᠴᠢᠯ  ᠲᠠᠷᠢᠶᠠᠯᠠᠩ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠬᠡᠷᠡᠯ ᠵᠢᠷᠤᠭ ᠲᠠᠳᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠥᠬᠡ ᠳᠡᠷᠡᠰᠦ ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠳ᠋ᠠ ᠰᠢ ᠲᠠᠨ ᠲᠣᠰᠬᠤᠨ ᠤ ᠭᠠᠭ᠋ᠠᠶ ᠲᠡᠵᠢᠭᠡᠬᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠤᠤ ᠮᠠ ᠭᠧᠦ ᠲᠣᠰᠬᠤᠨ ᠤ ᠲᠠᠷᠢᠶᠠᠨ ᠭᠠᠵᠠᠷ ᠤᠨ ᠶᠡᠷᠦᠩᠭᠡᠢ ᠴᠤᠬᠴᠠ ᠶᠢᠨ ᠲᠦᠷᠦᠯ ᠵᠦᠢᠯ᠂ ᠳᠠᠷᠬᠠᠨ ᠮᠤᠤᠮᠢᠩᠭᠠᠨ ᠬᠤᠰᠢᠭᠤᠨ ᠤ ᠤᠯᠠᠭᠠᠨᠬᠤᠳᠳᠤᠭ ᠲᠤᠰᠬᠤᠨ ᠤ ᠠᠵᠤ ᠠᠬᠤᠢ ᠤᠨ ᠬᠤᠷᠰᠢᠶᠠᠵᠢᠯ᠂  ᠰᠢ ᠾᠧ ᠲᠣᠰᠬᠤᠨ ᠤ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠲᠥᠷᠥᠯ ᠵᠦᠢᠯ ᠵᠡᠷᠭᠡ  ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃     ᠬᠥᠮᠦᠰ ᠲᠣᠭᠤᠷᠢᠨ ᠦᠵᠡᠬᠦ ᠶᠢᠨ ᠳᠠᠭᠠᠤ ᠬᠠᠷᠢᠯᠴᠠᠨ ᠶᠠᠷᠢᠯᠴᠠᠨ ᠰᠠᠨᠠᠯ ᠢᠶᠠᠨ ᠰᠤᠯᠢᠯᠴᠠᠵᠤ᠂  ᠵᠥᠷᠢᠶ᠎ᠡ ᠪᠠᠨ ᠡᠷᠢᠵᠦ᠂ ᠬᠠᠷᠢᠴᠠᠭᠤᠯᠤᠯ ᠤᠨ ᠳᠤᠮᠳᠠ ᠳᠡᠭᠡᠭᠰᠢᠯᠡᠯᠲᠡ ᠶᠢ ᠠᠬᠢᠭᠤᠯᠵᠤ᠂  ᠰᠡᠳᠬᠢᠮᠵᠢ ᠪᠠᠨ ᠰᠤᠯᠢᠯᠴᠠᠨ᠂ ᠲᠤᠷᠰᠢᠯᠭ᠎ᠠ ᠪᠠᠨ ᠰᠢᠰᠲ᠋ᠧᠮ ᠲᠠᠢ ᠳ᠋ᠦᠩᠨᠡᠵᠦ᠂ ᠬᠠᠮᠲᠤᠪᠠᠷ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ᠂ ᠰᠠᠶᠢᠨ ᠠᠷᠭ᠎ᠠ ᠶᠢ ᠬᠠᠶᠢᠨ ᠰᠦᠪᠡᠭᠴᠢᠯᠡᠪᠡ᠃ ᠲᠣᠭᠤᠷᠢᠨ ᠦᠵᠡᠭᠴᠢ ᠰᠣᠯᠢᠯᠴᠠᠭᠠᠨ ᠤ ᠳᠤᠮᠳᠠ ᠬᠠᠷᠢᠯᠴᠠᠨ ᠲᠤᠯᠢᠯᠠᠬᠤ ᠶᠢ ᠪᠠᠷᠢᠮᠳᠠᠯᠠᠵᠦ᠂ ᠬᠠᠷᠢᠯᠴᠠᠨ ᠲᠤᠯᠢᠯᠠᠬᠤ ᠳᠤᠮᠳᠠ ᠰᠤᠷᠤᠯᠴᠠᠯᠭ᠎ᠠ ᠶᠢᠨ ᠣᠪᠣᠷ ᠢᠶᠠᠨ ᠲᠡᠭᠡᠭᠰᠢᠯᠡᠬᠦᠯᠵᠦ᠂ ᠠᠳᠠᠯᠢᠳᠬᠠᠨ ᠰᠢᠯᠭᠠᠷᠠᠭᠤᠯᠬᠤ ᠪᠠ ᠰᠤᠷᠤᠯᠴᠠᠬᠤ ᠶᠢᠨ ︽ᠬᠤᠣᠰ ᠴᠢᠭᠯᠡᠯ ᠢᠶᠠᠷ ᠬᠥᠳᠡᠯᠦᠯᠴᠡᠬᠦ︾ ᠶᠢ ᠪᠡᠶᠡᠯᠡᠭᠦᠯᠪᠡ᠃     ︽  ᠲᠤᠰ ᠤᠳᠠᠭᠠᠨ ᠤ ᠦᠵᠡᠭᠦᠯᠦᠯᠭᠡ ᠶᠢᠨ ᠴᠤᠭᠯᠠᠭᠠᠨ ᠤ ᠬᠤᠷᠠᠯ ᠳᠤ ᠪᠢᠳᠡ ᠮᠠᠯᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠪᠣᠯᠬᠤ ᠵᠠᠷᠢᠮ ᠰᠠᠶᠢᠨ ᠲᠥᠷᠥᠯ ᠵᠦᠢᠯ ᠢ ᠣᠯᠵᠤ  ᠬᠠᠷᠠᠭᠰᠠᠨ ᠪᠦᠭᠡᠳ᠂ ᠪᠠᠰᠠ ᠨᠤᠳᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠢ ᠪᠦᠲᠦᠮᠵᠢᠲᠡᠶ ᠠᠷᠭ᠎ᠠ ᠬᠡᠮᠵᠢᠶ᠎ᠡ ᠶᠢ ᠣᠯᠵᠤ ᠮᠡᠳᠡᠵᠦ᠂ ᠬᠠᠷᠢᠭᠰᠠᠨ ᠤ ᠳᠠᠷᠠᠭ᠎ᠠ ᠮᠠᠨ ᠤ ᠮᠢᠩᠭᠠᠨ ᠪᠠᠯᠭᠠᠰᠤ ᠣᠶᠤᠨᠴᠢ ᠮᠠᠯᠵᠢᠯ ᠤᠨ ᠲᠠᠯᠠᠪᠠᠶ᠂ ᠴᠡᠭᠡ ᠪᠣᠯᠪᠠᠰᠤᠷᠠᠭᠤᠯᠬᠤ ᠦᠢᠯᠡᠳᠪᠦᠷᠢ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠰᠠᠶᠢᠲᠤᠷ ᠪᠦᠲᠦᠭᠡᠨ ᠪᠠᠶᠢᠭᠤᠯᠵᠤ᠂ ᠡᠨᠡ ᠤᠳᠠᠭᠠᠨ ᠤ ᠲᠥᠷᠥᠯ ᠵᠦᠢᠯ ᠤᠨ ᠦᠵᠡᠭᠦᠯᠦᠯᠭᠡ ᠳᠠᠬᠢ ᠰᠡᠩᠬᠡᠷᠡᠭᠦᠯᠦᠯ ᠪᠠ ᠰᠠᠶᠢᠨ ᠵᠠᠭᠪᠤᠷ ᠢ ᠮᠠᠨ ᠤ ᠦᠪᠡᠷ ᠤᠨ ᠬᠦᠭᠵᠢᠬᠦᠯᠦᠯᠳᠡ ᠲᠤᠮᠳᠠ ᠬᠡᠷᠡᠭᠯᠡᠵᠦ᠂  ᠮᠠᠯᠴᠢᠳ ᠢᠶᠠᠨ ᠨᠠᠩ ᠰᠠᠶᠢᠨ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂  ᠮᠢᠩᠭᠠᠨ ᠪᠠᠯᠭᠠᠰᠤᠨ ᠤ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠨ ᠠᠬᠢᠭᠤᠯᠤᠨ᠎ᠠ︾ ᠭᠡᠵᠦ ᠮᠢᠩᠭᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ︵ᠲᠤᠰᠢᠶᠠᠯ ᠡᠭᠦᠷᠭᠡᠯᠡᠬᠦ︶ ᠺᠠᠩ ᡁᠢ ᠹᠦ᠋ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠬᠡᠯᠡᠪᠡ᠃        ︽ᠲᠣᠰ ᠤᠳᠠᠭᠠᠨ ᠤ ᠦᠵᠡᠭᠦᠯᠦᠯᠭᠡ ᠨᠢ ᠡᠯ᠎ᠡ ᠰᠤᠮᠤ ᠰᠢᠶᠠᠩ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠣᠯᠠᠨ ᠶᠠᠩᠵᠤ ᠶᠢᠨ ᠠᠵᠤ ᠦᠢᠯᠡᠰ ᠤᠨ ᠬᠡᠯᠪᠡᠷᠢ ᠪᠠᠶᠢᠳᠠᠯ ᠢ ᠨᠢᠳᠦ ᠪᠠᠷ ᠢᠶᠠᠨ ᠦᠵᠡᠵᠦ᠂ ᠮᠠᠰᠢ ᠣᠯᠠᠨ ᠮᠠᠯᠴᠢᠳ ᠲᠠᠷᠢᠶᠠᠴᠢᠳ ᠵᠢᠴᠢ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦ ᠬᠡᠷ ᠤᠨ ᠡᠭᠦᠳᠡᠨ ᠳᠤ ᠪᠠᠨ ᠠᠵᠢᠯ ᠣᠯᠵᠤ ᠦᠢᠯᠡᠰ ᠪᠤᠰᠬᠠᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠡᠶᠡᠯᠡᠭᠦᠯᠪᠡ ᠃ ᠪᠢᠳᠡ ᠲᠣᠰ ᠤᠳᠠᠭᠠᠨ ᠤ ᠦᠵᠡᠭᠦᠯᠦᠯᠭᠡ  ᠠᠴᠠ ᠰᠣᠷᠣᠭᠰᠠᠨ ᠮᠡᠳᠡᠯᠭᠡ ᠪᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢᠨ ᠬᠠᠮᠲᠤ ᠡᠯ᠎ᠡ ᠰᠠᠯᠠᠭ᠎ᠠ ᠮᠥᠴᠢᠷ  ᠤᠳ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠨᠡᠩ ᠢᠯᠡᠷᠭᠡᠢ ᠦᠷ᠎ᠡ ᠪᠦᠳᠦᠮᠵᠢ ᠤᠯᠬᠤ ᠪᠠᠷ ᠬᠦᠴᠦᠯᠡᠨ ᠴᠢᠷᠮᠠᠶᠢᠨ᠎ᠠ︾ ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶᠠᠨ ᠤ ᠳᠠᠷᠤᠭ᠎ᠠ ᠸᠠᠩ ᠵᠢᠩ ᠢᠯᠡᠷᠭᠡᠶᠢᠯᠡᠪᠡ ᠃      ᠪᠠᠲᠤᠬᠠᠭᠠᠯᠭ᠎ᠠ  ᠪᠠᠯᠭᠠᠰᠤᠨ ᠤ ᠳᠡᠳ᠋ ᠪᠠᠯᠭᠠᠰᠤᠨ ᠳᠠᠷᠤᠭ᠎ᠠ ᠵᠠᠩ ᠰᠢᠤᠸᠠᠨ ᠤ  ᠦᠵᠡᠬᠦ ᠪᠠᠷ᠂ ᠲᠣᠰ ᠤᠳᠠᠭᠠᠨ ᠤ ᠲᠣᠭᠤᠷᠢᠨ ᠦᠵᠡᠭᠦᠯᠦᠯᠭᠡ ᠨᠢ  ᠲᠤᠬᠠᠢ ᠶᠢᠨ ᠭᠠᠵᠠᠷ ᠲᠤ ᠨᠢ ᠦᠵᠡᠵᠦ ᠂ ᠨᠢᠭᠡᠳᠦᠭᠡᠷ ᠹᠷᠣᠨᠲ ᠲᠤ ᠰᠤᠷᠤᠯᠴᠠᠵᠤ᠂ ︽ᠰᠠᠶᠢᠨ ᠠᠮᠵᠢᠯᠲᠠ︾ ᠶᠢ ᠢᠯᠡᠷᠡᠭᠦᠯᠵᠦ᠂ ︽ᠰᠢᠨ᠎ᠡ ᠰᠡᠳᠬᠢᠴᠡ︾ ᠶᠢ ᠰᠤᠳᠤᠯᠤᠨ ᠶᠠᠷᠢᠯᠴᠠᠵᠤ᠂ ︽ᠰᠠᠶᠢᠨ ᠲᠤᠷᠰᠢᠯᠭ᠎ᠠ︾ ᠶᠢ ᠰᠣᠯᠢᠯᠴᠠᠵᠤ᠂ ᠡᠯ᠎ᠡ ᠰᠤᠮᠤ ᠰᠢᠶᠠᠩ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠯᠢᠳᠡᠭ ᠠᠷᠭ᠎ᠠ ᠬᠢᠳᠡᠯ ᠢ ᠪᠥᠬᠦ ᠲᠠᠯ᠎ᠠ ᠪᠠᠷ ᠣᠶᠢᠯᠠᠭᠠᠵᠤ᠂ ᠲᠣᠭᠤᠷᠢᠨ ᠦᠵᠡᠬᠦ ᠳᠤᠮᠳᠠ ᠵᠥᠷᠢᠶ᠎ᠡ ᠪᠠᠨ ᠡᠷᠢᠵᠦ᠂ ᠡᠷᠴᠢ ᠵᠣᠷᠢᠭ ᠢᠶᠠᠨ ᠬᠥᠪᠴᠢᠯᠡᠵᠦ᠂ ᠡᠨᠡ ᠵᠢᠯ ᠠᠴᠠ ᠨᠠᠰᠢᠬᠢ ᠠᠵᠢᠯ ᠤᠨ ᠦᠷ᠎ᠡ ᠪᠦᠲᠦᠮᠵᠢ ᠪᠠᠨ ᠳ᠋ᠦᠩᠨᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠪᠠᠲᠤᠬᠠᠭᠠᠯᠭ᠎ᠠ  ᠪᠠᠯᠭᠠᠰᠤᠨ ᠤ ᠳᠡᠳ᠋ ᠪᠠᠯᠭᠠᠰᠤᠨ ᠳᠠᠷᠤᠭ᠎ᠠ ᠵᠠᠩ ᠰᠢᠤᠸᠠᠨ᠄ ︽ᠪᠠᠲᠤᠬᠠᠭᠠᠯᠭ᠎ᠠ ᠪᠠᠯᠭᠠᠰᠤ ᠨᠢ ᠮᠠᠨ ᠤ ᠬᠤᠰᠢᠭᠤᠨ ᠤ ᠲᠦᠪ ᠪᠠᠯᠭᠠᠰᠤ  ᠪᠤᠯᠬᠤ ᠲᠤᠯᠠ᠂ ᠳᠠᠷᠠᠭᠠᠴᠢ ᠶᠢᠨ ᠠᠯᠬᠤᠮ ᠳᠤ ︿ᠲᠦᠷᠦᠭᠦᠴᠢ﹀ ᠶᠢᠨ ᠦᠢᠯᠡᠳᠦᠯ  ᠢᠶᠠᠨ ᠪᠠᠳᠠᠷᠠᠭᠤᠯᠵᠤ᠂ ᠰᠡᠳᠬᠢᠴᠡ ᠪᠠᠨ ᠥᠷᠭᠡᠳᠬᠡᠵᠦ᠂ ᠰᠢᠨ᠎ᠡ ᠠᠷᠭ᠎ᠠ ᠶᠢ ᠡᠭᠦᠳᠴᠦ᠂ ᠲᠣᠰᠬᠤᠨ ᠤ ᠬᠠᠮᠲᠤ ᠶᠢᠨ ᠬᠥᠭᠵᠢᠯᠲᠡ  ᠳᠤ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠶᠢ ᠰᠦᠪᠡᠭᠴᠢᠯᠡᠵᠦ᠂ ᠠᠷᠠᠳ ᠲᠤ ᠦᠢᠯᠡᠴᠢᠯᠡᠬᠦ ᠰᠢᠨ᠎ᠡ ᠶᠢ ᠡᠭᠦᠳᠬᠦ ᠠᠷᠭ᠎ᠠ ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠲᠤ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ︾  ᠬᠡᠵᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号