ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ ᠨᠢᠭᠡ ᠭᠡᠷ ᠮᠡᠳᠤ ᠲᠤᠳᠤᠨᠤ ︽ᠤᠶᠠᠩᠭ᠎ᠠ︾ ᠤᠳᠬ᠎ᠠ ᠤᠷᠠᠯᠢᠭ ᠤᠨ ᠠᠩᠭᠢ ᠨᠢ ᠤᠷᠠᠨ ᠰᠠᠶᠢᠬᠠᠨ ᠤ ᠲᠤᠭᠯᠠᠯᠳᠠ  ᠳᠤ  ᠤᠷᠤᠯᠴᠠᠵᠤ ᠴᠤᠭ ᠵᠢᠪᠬᠤᠭ᠎ᠠ ᠪᠠᠨ ᠪᠠᠳᠠᠷᠠᠭᠤᠯᠪᠠ
ᠨᠡᠶᠢᠲᠡᠯᠡᠭᠰᠡᠨ ᠴᠠᠭ᠄
2024/8/25
      ᠳᠠᠷᠬᠠᠨ ᠰᠤᠮᠤ ︽ᠣᠯᠠᠨ ᠲᠦᠮᠡᠨ ᠢ ᠨᠢᠭᠲᠠᠷᠠᠭᠤᠯᠤᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ᠂  ᠰᠤᠶᠤᠯ ᠢᠶᠠᠷ ᠬᠦᠮᠦᠰ ᠢ ᠤᠷᠮᠠᠰᠢᠭᠤᠯᠤᠨ᠂ ᠰᠣᠶᠣᠯ ᠢᠷᠭᠡᠨᠰᠢᠯ ᠢ ᠪᠣᠶ ᠪᠣᠯᠭᠠᠬᠤ︾ ᠠᠵᠢᠯ ᠤᠨ ᠬᠠᠷᠠᠯᠲᠠ ᠪᠠᠷ ︽ᠤᠶᠠᠩᠭ᠎ᠠ︾  ᠤᠳᠬ᠎ᠠ ᠤᠷᠠᠯᠢᠭ ᠤᠨ ᠠᠩᠭᠢ ᠳᠤ ᠲᠦᠰᠢᠭᠯᠡᠨ ᠣᠯᠠᠨ ᠶᠠᠩᠵᠤ ᠬᠡᠯᠪᠡᠷᠢ ᠶᠢᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠪᠠ᠃ 8 ᠰᠠᠷ᠎ᠠ ᠶᠢᠨ 24 ᠤ ᠡᠳᠤᠷ᠂ ᠲᠠᠷᠬᠠᠨ ᠰᠤᠮᠤ ᠶᠢᠨ ︽ᠤᠶᠠᠩᠭ᠎ᠠ︾ ᠤᠳᠬ᠎ᠠ ᠤᠷᠠᠯᠢᠭ ᠤᠨ ᠠᠩᠭᠢ ᠶᠢᠨ ᠬᠢᠨ 2024᠂ ᠲᠤᠤ ᠮᠠ ᠭᠸᠤ᠂ ᠱᠢ ᠬᠤᠸᠠ ᠲᠠᠯ᠎ᠠ ᠨᠤᠲᠤᠭ ᠤᠨ ᠪᠦᠬᠦ ᠤᠯᠤᠰ ᠤᠨ ᠮᠣᠷᠢᠨ ᠮᠡᠷᠭᠡᠵᠢᠯ ᠤᠨ ᠲᠠᠠᠭᠠᠭᠠᠴᠠ ᠶᠢᠨ ᠤᠷᠤᠯᠳᠤᠭᠠᠨ ᠤ ᠰᠣᠶᠣᠯ ᠤᠨ ᠲᠣᠭᠯᠠᠯᠲᠠ ᠶᠢᠨ  ᠠᠬᠤᠢ ᠲᠠᠯᠠᠪᠠᠢ ᠳᠤ ᠬᠡᠷᠡᠯ ᠭᠢᠯᠪᠠᠭ᠎ᠠ ᠨᠡᠮᠡᠪᠡ᠃       ᠬᠦᠳᠡᠯᠭᠡᠭᠡᠨ ᠤ ᠲᠤᠮᠳᠠ᠂ ︽ᠤᠶᠠᠩᠭ᠎ᠠ︾  ᠤᠳᠬ᠎ᠠ ᠤᠷᠠᠯᠢᠭ ᠤᠨ ᠠᠩᠬᠢ ︽  ᠦᠯᠵᠡᠶᠢᠳᠦ ᠲᠠᠷᠬᠠᠨ ᠮᠤᠤᠮᠢᠩᠭᠠᠨ︾᠂ ︽ᠦᠵᠡᠰᠬᠦᠯᠡᠩᠳᠦ ᠳᠠᠷᠬᠠᠨ︾ ᠪᠤᠯᠤᠨ ︽ᠨᠠᠶᠢᠷ ᠤᠨ ᠲᠠᠭᠤᠤ︾ ᠶᠢ ᠤᠶᠠᠩᠭᠠᠯᠠᠨ ᠲᠤᠭᠯᠠᠵᠦ᠂ ᠲᠠᠭᠤᠤ ᠪᠤᠯᠤᠨ ᠪᠦᠵᠢᠭ ᠢᠶᠠᠷ ᠲᠤᠮᠳᠠᠳᠤ ᠶᠢᠨ ᠦᠨᠳᠤᠰᠦᠳᠡᠨ ᠤ ᠪᠦᠯᠭᠦᠮᠳᠡᠨ ᠨᠢᠭᠳᠠᠷᠠᠵᠦ᠂ ᠢᠷᠠᠭᠤ ᠰᠠᠶᠢᠬᠠᠨ ᠬᠦᠭ ᠠᠶᠠᠰ ᠪᠤᠯᠤᠨ ᠤᠷᠠᠨ ᠨᠤᠭᠤᠯᠤᠭᠠᠳᠤ ᠪᠦᠵᠢᠭ ᠢᠶᠠᠷ ᠪᠦᠬᠦ ᠤᠯᠤᠰ ᠤᠨ ᠡᠯ᠎ᠡ ᠭᠠᠵᠠᠷ ᠤᠨ ᠤᠷᠤᠯᠳᠤᠭᠠᠨ ᠳᠤ ᠤᠷᠤᠯᠴᠠᠭᠰᠠᠳ ᠪᠤᠯᠤᠨ ᠵᠤᠭᠠᠴᠠᠭᠰᠠᠳ ᠲᠤ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠲᠦᠮᠡᠨ ᠤ ᠬᠠᠯᠠᠭᠤᠨ ᠲᠤᠳᠤᠨᠤ ᠰᠡᠳᠬᠢᠯᠭᠡ ᠶᠢ ᠮᠡᠳᠡᠷᠡᠭᠦᠯᠵᠦ᠂ ᠦᠪᠡᠷᠮᠢᠴᠡ ᠤᠨᠴᠠᠯᠢᠭ ᠲᠠᠢ ᠦᠨᠳᠦᠰᠦᠳᠡᠨ ᠨᠦᠭᠦᠳ ᠤᠨ ᠤᠯᠠᠨ ᠲᠦᠮᠡᠨ ᠤ ᠰᠤᠶᠤᠯ ᠤᠨ ᠬᠡᠪ ᠨᠠᠮᠪᠠ ᠶᠢ  ᠤᠶᠢᠯᠠᠭᠠᠭᠤᠯᠵᠠᠢ ᠃     ᠲᠠᠷᠠᠭᠠᠴᠢ ᠶᠢᠨ ᠠᠯᠬᠤᠮ ᠳᠤ᠂ ᠳᠠᠷᠬᠠᠨ ᠰᠤᠮᠤ ᠶᠢᠨ ︽ᠤᠶᠠᠩᠭ᠎ᠠ︾  ᠤᠳᠬ᠎ᠠ ᠤᠷᠠᠯᠢᠭ ᠤᠨ ᠠᠩᠭᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠭᠤᠤᠯ ᠰᠡᠳᠦᠪ ᠢ ᠪᠠᠲᠤ ᠡᠵᠡᠮᠳᠡᠵᠦ᠂ ︽ᠥᠨᠢᠷ ᠪᠠᠶᠠᠯᠢᠭ ᠦᠵᠡᠰᠬᠦᠯᠡᠩᠲᠦ ᠰᠠᠶᠢᠬᠠᠨ ᠳᠠᠷᠬᠠᠨ︾ ᠤ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠶ᠎ᠡ ᠨᠠᠶᠢᠷᠲᠠᠶ ᠪᠠᠷ ᠬᠠᠮᠲᠤ ᠣᠷᠣᠰᠢᠬᠤ ᠶᠢ ᠲᠠᠰᠤᠷᠠᠯᠲᠠ ᠥᠬᠡᠶ ᠠᠬᠢᠭᠤᠯᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ  ᠬᠦᠭᠵᠢᠬᠦᠯᠦᠨ᠎ᠡ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号