2024 ᠣᠨ ᠤ ᠲᠤᠣ ᠮᠠ ᠭᠸᠦ · ᠰᠢᠯᠦᠭ ᠵᠢᠷᠤᠭ ᠤᠨ ᠲᠠᠯ᠎ᠠ ᠨᠤᠲᠤᠭ ᠤᠨ ᠪᠦᠬᠦ ᠤᠯᠤᠰ ᠤᠨ ᠮᠣᠷᠢᠨ ᠮᠡᠷᠭᠡᠵᠢᠯ ᠤᠨ ᠰᠢᠨᠳᠠᠰᠦ ᠰᠢᠯᠭᠠᠬᠤ ᠮᠦᠷᠦᠶᠢᠴᠡᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/8/25
      ᠨᠠᠢᠮᠠᠳᠤᠭᠠᠷ ᠰᠠᠷ᠎ᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠡᠪᠡᠰᠦ ᠨᠤᠭᠤᠭ᠎ᠠ ᠬᠥᠬᠡᠷᠡᠨ ᠨᠣᠭᠤᠭᠠᠷᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠤ ᠮᠠ ᠭᠸᠤ ᠶᠢᠨ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠴᠣᠭᠴᠠ ᠶᠢᠨ ᠬᠥᠮᠦᠰ ᠦᠢᠮᠡᠯᠳᠦᠨ ᠱᠤᠤᠬᠢᠯᠳᠤᠵᠤ᠂ ᠬᠥᠮᠦᠨ ᠬᠠᠷ᠎ᠠ ᠬᠤᠷᠠᠨ ᠴᠤᠭᠯᠠᠷᠠᠵᠤ᠂ ᠬᠤᠷᠳᠤᠴᠠ ᠪᠣᠯᠤᠨ ᠣᠷᠭᠢᠯᠤᠮ᠎ᠠ ᠰᠡᠳᠬᠢᠯᠭᠡ᠂ ᠤᠯᠠᠮᠵᠢᠯᠠᠯ ᠪᠣᠯᠤᠨ ᠤᠳᠤ ᠦᠶ᠎ᠡ ᠶᠢᠨ ᠲᠠᠯ᠎ᠠ ᠨᠤᠲᠤᠭ ᠤᠨ ᠦᠪᠡᠳᠡᠭᠰᠢ ᠶᠠᠪᠤᠳᠠᠯ ᠢ ᠶᠠᠭ ᠰᠠᠶᠢᠬᠠᠨ ᠲᠣᠭᠯᠠᠵᠤ ᠪᠠᠶᠢᠨ᠎ᠠ᠃ 8 ᠳ᠋ᠤᠭᠠᠷ ᠰᠠᠷ᠎ᠠ ᠶᠢᠨ 24 ᠤ ᠡᠳᠦᠷ᠂ 2024 ᠣᠨ ᠤ ᠲᠣᠣ ᠮᠠ ᠭᠸᠦ · ᠰᠢᠯᠦᠭ ᠵᠢᠷᠤᠭ ᠤᠨ ᠲᠠᠯ᠎ᠠ ᠨᠤᠲᠤᠭ ᠤᠨ ᠪᠦᠬᠦ ᠤᠯᠤᠰ ᠤᠨ ᠮᠣᠷᠢᠨ ᠮᠡᠷᠭᠡᠵᠢᠯ ᠤᠨ ᠰᠢᠨᠳᠠᠰᠦ ᠰᠢᠯᠭᠠᠬᠤ ᠮᠦᠷᠦᠶᠢᠴᠡᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠩᠬᠢᠨᠢ ᠪᠠᠷ ᠡᠬᠢᠯᠡᠵᠦ᠂ ᠪᠦᠬᠦ ᠤᠯᠤᠰ ᠤᠨ ᠡᠯ᠎ᠡ ᠭᠠᠵᠠᠷ ᠤᠨ ᠮᠣᠷᠢᠨ ᠮᠡᠷᠭᠡᠵᠢᠯ ᠤᠨ ᠰᠣᠨᠢᠷᠬᠠᠭᠴᠢᠳ ᠬᠤᠶᠢᠨ᠎ᠠ ᠬᠤᠶᠢᠨ᠎ᠠ ᠠᠴᠠ ᠪᠠᠨ ᠡᠨᠡ ᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠦᠪᠡᠳᠡᠭᠰᠢ ᠴᠤᠭᠯᠠᠭᠠᠨ ᠳᠤ ᠣᠷᠣᠯᠴᠠᠪᠠ᠃      ᠲᠣᠰ ᠤᠳᠠᠭᠠᠨ ᠤ ᠤᠷᠤᠯᠳᠤᠭᠠᠨ ᠢ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠤᠭᠤᠲᠤ ᠬᠤᠲᠠ ᠶᠢᠨ ᠱᠢ ᠪᠦᠦ ᠲᠡᠮᠦᠷ ᠤᠨ ᠠᠭᠤᠷᠬᠠᠶ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠱᠢ ᠪᠦᠦ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠠᠩ ᠴᠧᠩ ᠮᠣᠷᠢᠨ ᠮᠡᠷᠭᠡᠵᠢᠯ ᠤᠨ ᠺᠯᠦ᠋ᠪ ᠤᠨ ᠬᠢᠵᠠᠭᠠᠷᠲᠤ ᠺᠣᠮᠫᠠᠨᠢ᠂ ᠲᠤᠤ ᠮᠠ ᠭᠧᠤ ᠲᠠᠷᠢᠶᠠᠯᠠᠩ  ᠤᠨ ᠲᠤᠰᠬᠤᠨ ᠬᠠᠮᠵᠢᠯᠴᠠᠨ ᠡᠷᠭᠢᠯᠡᠪᠡ᠃ ᠪᠡᠭᠡᠵᠢᠩ᠂ ᠲᠢᠶᠠᠨᠵᠢᠨ᠂ ᠾᠧᠪᠸᠢ᠂ ᠰᠢᠨᠵᠢᠶᠠᠩ ᠵᠡᠷᠭᠡ ᠮᠤᠵᠢ ᠬᠤᠳᠠ ᠠᠴᠠ ᠢᠷᠡᠭᠰᠡᠨ ᠬᠡᠳᠦᠨ ᠠᠷᠪᠠᠨ ᠮᠣᠷᠢᠨ ᠮᠡᠷᠭᠡᠵᠢᠯ ᠤᠨ ᠺᠯᠦ᠋ᠪ ᠢ ᠴᠤᠭᠯᠠᠭᠤᠯᠵᠤ᠂ ᠨᠡᠶᠢᠳᠡ ᠬᠤᠶᠠᠷ ᠵᠠᠭᠤ ᠭᠠᠷᠤᠢ ᠬᠥᠮᠦᠨ ᠮᠣᠷᠢᠨ ᠤ ᠬᠠᠮᠲᠤᠷᠠᠭᠰᠠᠨ ᠤᠷᠤᠯᠳᠤᠭᠠᠨ ᠳᠤ ᠣᠷᠣᠯᠴᠠᠪᠠ᠃      ᠥᠷᠯᠥᠭᠡ ᠶᠢᠨ ᠨᠠᠷᠠᠨ ᠮᠠᠨᠳᠤᠵᠤ᠂ ᠲᠤᠤ ᠮᠠ ᠭᠧᠦ ᠲᠠᠷᠢᠶᠠᠯᠠᠩ ᠤᠨ ᠶᠡᠷᠦᠩᠬᠡᠢ ᠴᠣᠭᠴᠠ ᠨᠢ ᠠᠯᠲᠠᠨ ᠰᠢᠷᠭᠠᠯ ᠨᠠᠷᠠᠨ ᠤ ᠭᠡᠷᠡᠯ ᠳᠤ ᠰᠡᠷᠢᠭᠡᠭᠳᠡᠵᠦ᠂ ᠮᠣᠷᠢᠨ ᠲᠤᠭᠤᠷᠠᠢ ᠶᠢᠨ ᠲᠣᠷᠴᠢᠬᠢᠨᠠᠬᠤ ᠳᠠᠭᠤᠨ ᠨᠢ ᠦᠷ ᠴᠠᠶᠢᠬᠤ ᠨᠠᠮ ᠵᠢᠮ ᠢ ᠡᠪᠳᠡᠵᠦ᠂ ᠤᠳᠠᠯ ᠦᠭᠡᠢ ᠲᠤᠭᠯᠠᠬᠤ ᠪᠠᠷ ᠪᠠᠶᠢᠭ᠎ᠠ ᠨᠢ ᠮᠣᠷᠢᠨ ᠤ ᠬᠤᠭᠤᠷᠣᠨᠳᠣᠬᠢ ᠦᠵᠡᠯᠴᠡᠭᠡᠨ ᠪᠣᠯᠬᠤ ᠪᠠᠷ ᠪᠠᠷᠠᠬᠤ ᠦᠭᠡᠢ᠂ ᠨᠡᠩ ᠴᠤ ᠡᠯ᠎ᠡ ᠭᠠᠵᠠᠷ ᠤᠨ ᠰᠣᠶᠣᠯ᠂ ᠵᠠᠩ ᠦᠢᠯᠡ ᠪᠣᠯᠤᠨ ᠨᠥᠬᠦᠷᠯᠡᠯ ᠤᠨ ᠰᠣᠯᠢᠯᠴᠠᠭ᠎ᠠ ᠪᠣᠯᠤᠨ᠎ᠠ ᠭᠡᠳᠡᠭ ᠢ ᠬᠠᠷᠠᠭᠤᠯᠵᠤ ᠪᠠᠶᠢᠨ᠎ᠠ᠃ ᠦᠷᠯᠦᠭᠡ ᠪᠠᠷ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠮᠣᠷᠢ ᠪᠠᠨ ᠰᠢᠯᠭᠠᠨ ᠦᠵᠡᠵᠦ ᠪᠠᠶᠢᠨ᠎ᠠ᠃ ᠪᠠᠶᠢᠴᠠᠭᠠᠯᠲᠠ ᠶᠢᠨ ᠲᠡᠮᠳᠡᠭᠯᠡᠯ ᠳᠠᠭᠤᠰᠴᠤ᠂ ᠮᠣᠷᠢᠴᠢᠳ ᠮᠣᠷᠢᠨ ᠳᠠᠭᠠᠨ ᠮᠣᠷᠳᠠᠬᠤ ᠪᠠᠷ ᠪᠡᠯᠡᠬᠡᠨ ᠪᠣᠯᠪᠠ᠃ ᠬᠢᠨᠠᠭᠴᠢ ᠶᠢᠨ ᠵᠠᠷᠯᠢᠭ ᠪᠠᠭᠤᠬᠤ ᠶᠢ ᠳᠠᠭᠠᠯᠳᠤᠨ᠂ ᠮᠣᠷᠢᠴᠢᠳ ᠲᠠᠰᠢᠭᠤᠷ ᠨᠡᠮᠡᠵᠦ᠂ ᠠᠵᠢᠨᠠᠢ ᠬᠦᠯᠦᠭ ᠰᠢᠭᠤᠷᠬᠠᠢ ᠠᠯᠬᠤᠵᠤ᠂ ᠮᠣᠷᠢᠴᠢᠳ ᠤᠨ ᠭᠠᠷᠮᠠᠭᠠᠶ ᠢᠯᠡᠷᠡᠯ ᠨᠢ ᠣᠯᠠᠨ ᠲᠦᠮᠡᠨ ᠤ ᠨᠢᠳᠦ ᠶᠢ ᠬᠤᠵᠢᠷᠯᠠᠵᠠᠢ᠃ ︽ᠪᠢ ᠪᠡᠭᠡᠵᠢᠩ ᠠᠴᠠ ᠠᠩᠬ᠎ᠠ ᠤᠳᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠡᠢ᠃ ᠰᠠᠶ᠋ᠢᠬᠠᠨ ᠮᠣᠷᠢᠨ ᠮᠡᠷᠭᠡᠵᠢᠯ ᠤᠨ ᠲᠣᠭᠯᠠᠯᠲᠠ᠂ ᠰᠢᠨᠳᠠᠰᠦ ᠰᠢᠯᠭᠠᠬᠤ ᠮᠦᠷᠦᠶᠢᠴᠡᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠦᠵᠡᠭᠡᠳ ᠮᠠᠰᠢ ᠵᠣᠷᠢᠭᠵᠢᠪᠠ︾ ᠭᠡᠵᠦ ᠵᠣᠭᠠᠴᠠᠭᠴᠢ ᠸᠠᠩ ᠰᠢᠶᠤᠤ ᠶᠢᠩ ᠬᠡᠯᠡᠪᠡ᠃      ︽ᠣᠶᠢᠷ᠎ᠠ ᠶᠢᠨ ᠵᠢᠯ ᠤᠳ ᠲᠤ᠂ ᠪᠢᠳᠡ ᠮᠣᠷᠢ ᠪᠠᠷ ᠵᠠᠭᠤᠴᠢ ᠪᠣᠯᠭᠠᠬᠤ᠂ ᠮᠣᠷᠢ ᠪᠠᠷ ᠦᠢᠯᠡᠰ ᠢᠶᠠᠨ ᠬᠥᠭᠵᠢᠭᠦᠯᠬᠦ ᠶᠢ ᠪᠠᠷᠢᠮᠲᠠᠯᠠᠵᠤ᠂ ᠮᠣᠷᠢᠨ ᠤᠷᠤᠯᠳᠤᠭᠠᠨ ᠤ ︿ᠬᠦᠳᠡᠭᠡ ᠲᠤᠰᠬᠤᠨ ᠤ ᠬᠡᠳᠦ ᠳᠡᠰ﹀ ᠤᠨ ᠬᠤᠯᠪᠣᠭᠠᠲᠤ ᠤᠷᠤᠯᠳᠤᠭᠠᠨ᠂ ᠮᠣᠷᠢ ᠤᠷᠤᠯᠳᠤᠬᠤ ᠳᠤ ᠬᠤᠪᠢ ᠬᠤᠷᠠᠮᠳᠤᠭᠤᠯᠬᠤ ᠬᠤᠯᠪᠣᠭᠠᠲᠤ ᠤᠷᠤᠯᠳᠤᠭᠠᠨ ᠤ ︿ᠬᠤᠤᠰ ᠤᠳᠤᠨ﹀ ᠢ ᠪᠠᠶᠢᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠭᠦᠨᠵᠡᠭᠡᠶ ᠠᠭᠤᠰᠤᠯᠴᠠᠯ᠂ ᠦᠢᠯᠡᠳᠪᠦᠷᠢᠯᠡᠯ ᠬᠤᠲᠠ ᠶᠢᠨ ᠦᠵᠡᠮᠵᠢ ᠰᠣᠯᠪᠢᠴᠠᠬᠤ ᠶᠢ ᠠᠬᠢᠭᠤᠯᠪᠠ᠃ ᠪᠢᠳᠡ ︿ᠮᠣᠩᠭᠤᠯ ᠮᠣᠷᠢᠨ﹀ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠷᠤᠯᠳᠤᠭᠠᠨ ᠤ ᠦᠢᠯᠡᠴᠢᠯᠡᠭᠡ ᠪᠠᠲᠤᠯᠠᠭ᠎ᠠ ᠶᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠨᠠᠩ ᠣᠯᠠᠨ ᠮᠣᠷᠢᠨ ᠮᠡᠷᠭᠡᠵᠢᠯ ᠤᠨ ᠳᠤᠷ᠎ᠠ ᠪᠠᠭ᠋ᠠᠳᠠᠨ ᠢ ᠲᠠᠲᠠᠵᠤ ᠪᠠᠶᠢᠭᠠᠳ ᠳᠠᠷᠬᠠᠨ ᠮᠤᠤᠮᠢᠩᠭᠠᠨ᠂ ᠨᠠᠩ ᠣᠯᠠᠨ ᠣᠷᠦ᠋ᠢᠯᠠᠭᠰᠠᠨ ᠮᠣᠷᠢᠨ ᠮᠡᠷᠭᠡᠵᠢᠯ ᠤᠨ ᠠᠵᠤ ᠠᠬᠤᠶᠢᠯᠠᠯ ᠢ ᠰᠣᠩᠭᠤᠵᠤ᠂ ᠮᠣᠷᠢᠨ ᠮᠡᠷᠭᠡᠵᠢᠯ ᠤᠨ ᠰᠢᠯᠢᠳᠡᠭ᠂ ᠬᠤᠷᠳᠤᠴᠠ᠂ ᠰᠥᠰᠥ ᠵᠣᠷᠢᠭ᠂ ᠳᠠᠷᠬᠠᠨ ᠮᠤᠤᠮᠢᠩᠭᠠᠨ ᠤ ᠨᠡᠭᠡᠭᠡᠯᠲᠡᠲᠡᠶ᠂ ᠤᠷᠤᠭᠰᠢᠯᠠᠨ ᠲᠠᠪᠰᠢᠬᠤ ᠪᠠ ᠪᠠᠭᠲᠠᠭᠠᠮᠵᠢᠲᠠᠶ ᠪᠠᠶᠢᠬᠤ ᠶᠢ ᠪᠦᠷᠢᠨ ᠲᠡᠭᠦᠯᠳᠡᠷ ᠠᠭᠤᠰᠤᠯᠴᠠᠭᠤᠯᠵᠤ᠂ ᠬᠠᠷᠢᠯᠴᠠᠨ ᠬᠠᠪᠰᠤᠷᠤᠯᠴᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠬᠥᠮᠦᠰ ᠤᠨ ᠬᠦᠰᠡᠨ ᠮᠥᠷᠥᠭᠡᠳᠴᠦ ᠪᠠᠶᠢᠭ᠎ᠠ ︿ᠰᠢᠯᠦᠭ ᠪᠠ ᠠᠯᠤᠰ ᠬᠤᠯᠠ﹀ ᠪᠤᠯᠭᠠᠪᠠ︾᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠤᠸᠠᠩ ᠯᠦᠩ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ ᠡᠨᠡ ᠬᠤᠭᠤᠴᠠᠭᠠᠨ ᠳᠤ ᠲᠣᠭᠯᠠᠭᠴᠢᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠪᠠᠰᠠ ᠳᠡᠯᠡᠬᠡᠢ ᠶᠢᠨ ᠨᠡᠷᠡᠲᠦ ᠮᠣᠷᠢᠨ ᠤ ᠦᠵᠡᠭᠦᠯᠭᠡ᠂ ᠣᠯᠢᠮᠫᠢᠺ ᠤᠨ ᠲᠠᠮᠢᠷ ᠤᠨ ᠴᠤᠭᠯᠠᠭᠠᠨ ᠤ ᠲᠦᠰᠦᠯ ᠤᠨ ᠲᠠᠯᠠᠪᠤᠷ ᠤᠨ ᠬᠠᠷᠰᠢ ᠰᠠᠭᠠᠳ ᠲᠠᠢ ᠲᠣᠭᠯᠠᠯᠲᠠ᠂ ᠠᠮᠧᠷᠢᠺᠠ ᠶᠢᠨ ᠪᠠᠷᠠᠭᠤᠨ ᠬᠡᠰᠡᠭ ᠤᠨ ᠨᠢᠦᠽᠠᠢ ᠡᠮᠦᠰᠬᠡᠯ ᠵᠠᠰᠠᠯ ᠵᠡᠷᠭᠡ ᠠᠵᠢᠯᠯᠠᠭ᠎ᠠ ᠶᠢ ᠥᠷᠨᠢᠭᠦᠯᠵᠡᠢ᠃ ᠵᠤᠭᠠᠴᠠᠭᠰᠠᠳ ᠤᠶᠢᠷ᠎ᠠ ᠳᠤ ᠮᠣᠷᠢᠨ ᠮᠡᠷᠭᠡᠵᠢᠯ ᠤᠨ ᠲᠠᠮᠢᠷ ᠤᠨ ᠬᠥᠳᠡᠯᠭᠡᠭᠡᠨ ᠤ ᠭᠤᠸ᠎ᠠ ᠰᠠᠶᠢᠬᠠᠨ᠂ ᠬᠥᠮᠦᠨ ᠮᠣᠷᠢ ᠶᠢ ᠨᠢᠭᠡᠳᠬᠡᠬᠦ ᠷᠢᠳᠢ ᠰᠢᠳᠢ ᠵᠢᠴᠢ ᠲᠠᠷᠬᠠᠨ ᠮᠤᠤᠮᠢᠩᠭᠠᠨ ᠤ ᠠᠷᠠᠳ ᠲᠦᠮᠡᠨ ᠤ ᠬᠠᠯᠠᠭᠤᠨ ᠰᠡᠳᠬᠢᠯᠭᠡ ᠶᠢ ᠣᠶᠢᠯᠠᠭᠠᠪᠠ᠃ ᠭᠤᠶᠢᠳᠠ ᠰᠠᠶᠢᠬᠠᠨ ᠲᠣᠭᠯᠠᠯᠲᠠ ᠨᠢ ᠬᠥᠮᠦᠰ ᠤᠨ ᠠᠩᠬᠠᠷᠤᠯ ᠢ ᠲᠠᠲᠠᠵᠤ᠂ ᠦᠵᠡᠭᠴᠢᠳ ᠭᠠᠷ ᠤᠲᠠᠰᠤ ᠪᠠᠨ ᠡᠷᠭᠦᠵᠦ ᠭᠤᠶᠢᠳᠠ ᠰᠠᠶᠢᠬᠠᠨ ᠴᠠᠭ ᠮᠥᠴᠡ ᠶᠢ ᠲᠡᠮᠳᠡᠭᠯᠡᠪᠡ᠃ ︽ᠮᠣᠷᠢᠨ ᠮᠡᠷᠭᠡᠵᠢᠯ ᠤᠨ ᠲᠣᠭᠯᠠᠯᠲᠠ ᠮᠠᠰᠢ ᠭᠤᠶᠣ᠂ ᠰᠤᠷᠭᠠᠭᠴᠢ ᠶᠢᠨ ᠬᠡᠪ ᠴᠢᠨᠠᠷ ᠨᠢ ᠴᠦ ᠮᠠᠰᠢ ᠥᠨᠳᠥᠷ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠰᠠᠶᠢᠬᠠᠨ ᠠᠭᠤᠯᠠ᠂ ᠰᠠᠶᠢᠨ ᠤᠰᠤ᠂ ᠰᠠᠶᠢᠨ ᠠᠷᠢᠬᠢ᠂ ᠰᠠᠶᠢᠨ ᠮᠢᠬ᠎ᠠ ᠲᠠᠢ ᠪᠠᠶᠢᠳᠠᠭ᠂ ᠡᠨᠡ ᠤᠳᠠᠭᠠᠨ ᠤ ᠠᠶᠠᠯᠠᠯ ᠳᠤ ᠪᠢᠳᠡ ᠮᠠᠰᠢ ᠪᠠᠶᠠᠷᠯᠠᠵᠤ ᠪᠠᠶᠢᠨ᠎ᠠ︾ ᠭᠡᠵᠦ ᠡᠬᠢᠯᠡᠬᠦ ᠶᠣᠰᠣᠯᠠᠯ ᠢ ᠦᠵᠡᠭᠰᠡᠨ ᠵᠤᠭᠠᠴᠠᠭᠴᠢ ᠭᠦᠸᠧ ᠵᠢᠦ ᠴᠢᠶᠠᠩ ᠰᠡᠳᠬᠢᠯ ᠳᠣᠭᠳᠣᠯᠤᠨ ᠬᠡᠯᠡᠪᠡ᠃ᠤᠷᠤᠯᠳᠤᠭᠠᠨ ᠶᠠᠭ ᠲᠠᠯ᠎ᠠ ᠨᠤᠲᠤᠭ ᠤᠨ ᠬᠠᠮᠤᠭ ᠤᠨ ᠰᠠᠶᠢᠬᠠᠨ ᠴᠠᠭ ᠦᠶ᠎ᠡ ᠪᠣᠯᠤᠨ᠎ᠠ᠃ ᠤᠷᠤᠯᠳᠤᠭᠠᠨ ᠤ ᠲᠠᠯᠠᠪᠤᠷ ᠤᠨ ᠤᠷᠤᠯᠳᠤᠭᠠᠨ ᠤ ᠵᠠᠮ ᠥᠷᠭᠡᠨ ᠮᠦᠷᠲᠡᠭᠡᠨ ᠥᠷᠭᠡᠨ ᠳᠡᠯᠭᠡᠷ ᠪᠠᠶᠢᠵᠤ᠂ ᠡᠪᠡᠰᠦ ᠴᠡᠴᠡᠭ ᠢᠭᠴᠤ ᠰᠠᠬᠤᠯᠢᠭ᠂ ᠬᠥᠷᠥᠰᠥ ᠰᠢᠷᠣᠶ ᠶᠢᠨ ᠵᠥᠭᠡᠯᠡᠨ ᠬᠠᠲᠠᠭᠤ ᠨᠢ ᠶᠠᠭ ᠰᠠᠶ᠋ᠢᠬᠠᠨ᠂ ᠮᠣᠷᠢ ᠶᠢ ᠬᠠᠮᠠᠭᠠᠯᠠᠬᠤ ᠳᠤ ᠲᠦᠢᠯ ᠤᠨ ᠶᠡᠭᠡ ᠳᠠᠪᠠᠭᠤᠯᠢᠭ ᠬᠠᠩᠭᠠᠵᠤ᠂ ᠮᠣᠷᠢᠨ ᠤ ᠪᠣᠳᠠᠲᠤ ᠬᠦᠴᠦᠨ ᠢ ᠭᠦᠢᠴᠡᠳ ᠪᠠᠳᠠᠷᠠᠭᠤᠯᠵᠤ ᠪᠣᠯᠤᠨ᠎ᠠ︔ ᠤᠷᠤᠯᠳᠤᠭᠠᠨ ᠤ ᠵᠠᠮ ᠤᠨ ᠬᠤᠶᠠᠷ ᠲᠠᠯ᠎ᠠ ᠪᠠᠷ᠂ ᠠᠮᠢ ᠠᠬᠤᠶ ᠶᠢᠨ ᠣᠷᠴᠢᠨ ᠲᠣᠭᠤᠷᠢᠨ ᠭᠤᠶᠢᠳᠠ ᠰᠠᠶᠢᠬᠠᠨ ᠪᠠᠶᠢᠵᠤ᠂ ᠠᠮᠢ ᠠᠬᠤᠶ ᠶᠢᠨ ᠣᠷᠴᠢᠨ ᠲᠣᠭᠤᠷᠢᠨ ᠪᠠ ᠭᠤᠶᠢᠳᠠ ᠰᠠᠶᠢᠬᠠᠨ ᠤᠷᠤᠯᠳᠤᠭᠠᠨ ᠤ ᠵᠠᠮ ᠤᠨ ᠣᠷᠴᠢᠨ ᠲᠣᠭᠤᠷᠢᠨ ᠨᠢ ᠤᠷᠤᠯᠳᠤᠭᠠᠨ ᠤ ᠪᠦᠬᠦᠯᠢ ᠴᠣᠭᠴᠠ ᠶᠢᠨ ᠠᠭᠤᠷ ᠠᠮᠢᠰᠬᠤᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠲᠠᠮᠢᠷᠴᠢᠳ ᠤᠨ ᠪᠡᠶ᠎ᠡ ᠮᠠᠬᠠᠪᠣᠳ ᠤᠨ ᠴᠢᠳᠠᠪᠤᠷᠢ ᠪᠠ ᠶᠠᠳᠠᠷᠠᠯ ᠢ ᠪᠦᠲᠦᠮᠵᠢᠲᠡᠶ ᠨᠠᠮᠳᠠᠭᠤᠯᠵᠤ᠂ ᠨᠠᠩ ᠰᠠᠶᠢᠨ ᠤᠷᠤᠯᠳᠤᠭᠠᠨ ᠤ ᠬᠢᠷᠢ ᠪᠦᠲᠦᠮᠵᠢ ᠶᠢ ᠡᠭᠦᠳᠬᠦ ᠳᠤ ᠠᠰᠢᠭᠲᠠᠶ ᠶᠤᠮ᠃ ︽ᠪᠢ ᠲᠢᠶᠠᠨᠵᠢᠨ ᠠᠴᠠ ᠢᠷᠡᠵᠦ᠂ 100 ᠺᠢᠯᠤᠮᠧᠲᠷ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠵᠤ᠂ ᠲᠤᠤ ᠮᠠ ᠭᠧᠤ ᠶᠢᠨ ᠤᠷᠤᠯᠳᠤᠭᠠᠨ ᠤ ᠵᠠᠮ ᠤᠨ ᠨᠠᠯᠠᠤᠴᠠ᠂ ᠡᠯᠡᠰᠦ ᠰᠢᠷᠣᠢ ᠴᠥᠮ ᠮᠠᠰᠢ ᠶᠡᠭᠡ ᠰᠠᠶᠢᠨ᠂ ᠰᠢᠨᠳᠠᠰᠦ ᠰᠢᠯᠭᠠᠬᠤ ᠤᠷᠤᠯᠳᠤᠭᠠᠨ ᠳᠤ ᠮᠠᠰᠢ ᠲᠣᠬᠢᠷᠠᠮᠵᠢᠲᠠᠶ︾ ᠭᠡᠵᠦ ᠲᠠᠮᠢᠷᠴᠢᠨ ᠯᠢᠦ ᠵᠢᠶᠦ᠋ᠨ ᠬᠡᠯᠡᠪᠡ᠃      ︽ᠲᠤᠤ ᠮᠠ ᠭᠧᠦ ᠶᠢᠨ ᠤᠷᠤᠯᠳᠤᠭᠠᠨ ᠤ ᠵᠠᠮ ᠨᠡᠯᠢᠶᠡᠳ ᠠᠭᠤᠵᠢᠭᠤ᠂ ᠠᠭᠤᠯᠠᠷᠬᠠᠭ ᠭᠠᠵᠠᠷ᠂ ᠡᠪᠡᠰᠦᠲᠦ ᠭᠠᠵᠠᠷ᠂ ᠡᠯᠡᠰᠦ ᠰᠢᠷᠤᠢ᠂ ᠠᠶᠢᠯ ᠲᠣᠰᠬᠤᠨ ᠵᠡᠷᠭᠡ ᠪᠤᠢ᠃ ᠲᠡᠷᠡ ᠮᠥᠷᠲᠡᠭᠡᠨ ᠦᠵᠡᠮᠵᠢ ᠮᠠᠰᠢ ᠰᠠᠶᠢᠨ᠂ ᠠᠭᠤᠷ ᠠᠮᠢᠰᠬᠤᠯ᠂ ᠳᠠᠯᠠᠢ ᠠᠴᠠ ᠳᠡᠭᠡᠭᠰᠢ ᠡᠷᠭᠦᠭᠳᠡᠴᠡ ᠨᠢ ᠪᠠᠰᠠ ᠰᠢᠨᠳᠠᠰᠦ ᠰᠢᠯᠭᠠᠬᠤ ᠤᠷᠤᠯᠳᠤᠭᠠᠨ ᠤ ᠪᠣᠯᠪᠠᠰᠤᠷᠠᠯ ᠳᠤ ᠮᠠᠰᠢ ᠲᠣᠬᠢᠷᠠᠨ᠎ᠠ᠃ ᠤᠷᠤᠯᠳᠤᠭᠠᠨ ᠠᠳᠡ ᠳᠤ ᠲᠣᠬᠢᠷᠠᠬᠤ ᠪᠠᠷ ᠪᠠᠷᠠᠬᠤ ᠦᠭᠡᠢ᠂ ᠡᠩ ᠤᠨ ᠴᠠᠭ ᠲᠤ ᠪᠣᠯᠪᠠᠰᠤᠷᠠᠪᠠᠯ ᠪᠠᠰᠠ ᠲᠣᠩ ᠲᠣᠬᠢᠷᠠᠨ᠎ᠠ︾ ᠭᠡᠪᠡ᠃ ᠤᠷᠤᠯᠳᠤᠭᠠᠨ ᠤ ᠭᠠᠷ ᠭᠦᠢᠴᠡᠳᠬᠡᠯ ᠬᠢᠭᠰᠡᠨ ᠪᠡᠭᠡᠵᠢᠩ ᠤᠨ ᠵᠢᠦᠵᠸᠦ ᠶᠢᠨ ᠮᠠ ᠣᠯᠠᠨ ᠤᠯᠤᠰ ᠤᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠾᠧ ᠢ ᠰᠢᠤᠸᠠᠨ᠄ ︽ᠡᠨᠡ ᠤᠳᠠᠭᠠᠨ ᠤ ᠤᠷᠤᠯᠳᠤᠭᠠᠨ ᠳᠤ ᠭᠤᠤᠯᠳᠠᠭᠤ ᠳᠥᠷᠪᠡᠨ ᠶᠡᠭᠡ ᠬᠢᠯᠠᠰ ᠴᠡᠭ ᠲᠠᠢ᠂ ᠨᠢᠭᠡᠳᠦᠭᠡᠷ ᠨᠢ᠂ ᠲᠣᠰ ᠤᠳᠠᠭᠠᠨ ᠤ ᠤᠷᠤᠯᠳᠤᠭᠠᠨ ᠤ ᠳᠡᠰ ᠪᠣᠯ ᠣᠳᠣᠬᠠᠨ ᠤ ᠤᠯᠤᠰ ᠤᠨ ᠳᠣᠲᠣᠭᠠᠳᠤ ᠶᠢᠨ ᠤᠷᠤᠯᠳᠤᠭᠠᠨ ᠤ ᠬᠠᠮᠤᠭ ᠤᠨ ᠳᠡᠭᠡᠳᠦ ᠳᠡᠰ ᠪᠣᠯᠤᠨ᠎ᠠ︔ ᠬᠤᠶᠠᠳᠤᠭᠠᠷ ᠨᠢ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠤᠯᠤᠰ ᠤᠨ ᠳᠣᠲᠣᠭᠠᠳᠤ ᠶᠢᠨ ᠰᠢᠨᠳᠠᠰᠦ ᠰᠢᠯᠭᠠᠬᠤ ᠤᠷᠤᠯᠳᠤᠭᠠᠨ ᠤ ᠲᠡᠥᠬᠡᠨ ᠠᠴᠠ ᠨᠠᠰᠢᠬᠢ ᠬᠠᠮᠤᠭ ᠤᠨ ᠣᠯᠠᠨ ᠨᠢᠭᠡ ᠤᠳᠠᠭ᠎ᠠ ᠪᠣᠯᠤᠨ᠎ᠠ︔ ᠭᠤᠷᠪᠠᠳᠤᠭᠠᠷ ᠨᠢ᠂ 9 ᠳ᠋ᠦ᠋ᠭᠡᠷ ᠰᠠᠷ᠎ᠠ ᠶᠢᠨ 7 ᠤ ᠡᠳᠦᠷ ᠤᠨ ᠳᠡᠯᠡᠬᠡᠶ ᠶᠢᠨ ᠲᠠᠰ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠳᠤᠮᠳᠠᠳᠤ ᠤᠯᠤᠰ ᠤᠨ ᠠᠩᠭᠢ ᠶᠢᠨ 7 ᠲᠠᠮᠢᠷᠴᠢᠨ ᠡᠨᠡ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠪᠥᠭᠡᠳ ᠠᠶᠠᠨ ᠳᠤ ᠮᠣᠷᠳᠠᠬᠤ ᠶᠣᠰᠣᠯᠠᠯ ᠶᠠᠪᠤᠭᠤᠯᠤᠨ᠎ᠠ︔ ᠳᠥᠷᠪᠡᠳᠦᠭᠡᠷ ᠲᠤ᠂ ᠤᠯᠤᠰ ᠤᠨ ᠠᠩᠭᠢ ᠶᠢᠨ ᠬᠠᠮᠤᠭ ᠤᠨ ᠪᠠᠭ᠎ᠠ ᠲᠠᠮᠢᠷᠴᠢᠨ ᠪᠠᠰᠠ ᠤᠷᠤᠯᠳᠤᠭᠠᠨ ᠳᠤ ᠣᠷᠣᠯᠴᠠᠬᠤ ᠪᠣᠯᠤᠨ᠎ᠠ᠃      ᠣᠶᠢᠯᠠᠭᠠᠭᠰᠠᠨ ᠢᠶᠠᠷ᠂ ᠪᠦᠬᠦ ᠤᠯᠤᠰ ᠤᠨ ᠮᠣᠷᠢᠨ ᠮᠡᠷᠭᠡᠵᠢᠯ ᠤᠨ ᠰᠢᠨᠳᠠᠰᠦ ᠰᠢᠯᠭᠠᠬᠤ ᠮᠦᠷᠦᠶᠢᠴᠡᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠪᠣᠯ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠰᠢᠨᠳᠠᠰᠦ ᠰᠢᠯᠭᠠᠬᠤ ᠮᠦᠷᠦᠶᠢᠴᠡᠭᠡᠨ ᠤ ᠳᠤᠮᠳᠠ ᠵᠡᠷᠭᠡ ᠳᠡᠰ ᠢᠶᠠᠷ ᠬᠠᠮᠤᠭ ᠤᠨ ᠥᠨᠳᠥᠷ ᠤᠷᠤᠯᠳᠤᠭᠠᠨ ᠪᠣᠯᠤᠨ᠎ᠠ᠃ ᠲᠣᠰ ᠤᠳᠠᠭᠠᠨ ᠤ ᠤᠷᠤᠯᠳᠤᠭᠠᠨ ᠳᠤ ᠰᠢᠨᠳᠠᠰᠦ ᠰᠢᠯᠭᠠᠬᠤ ᠮᠦᠷᠦᠶᠢᠴᠡᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ 120 ᠺᠢᠯᠤᠮᠧᠲᠷ ᠤᠨ ᠬᠤᠪᠢ ᠬᠥᠮᠦᠨ ᠤ ᠤᠷᠤᠯᠳᠤᠭᠠᠨ᠂ 100 ᠺᠢᠯᠤᠮᠧᠲᠷ ᠤᠨ ᠪᠦᠯᠬᠦᠮ ᠤᠨ ᠤᠷᠤᠯᠳᠤᠭᠠᠨ᠂ 100 ᠺᠢᠯᠤᠮᠧᠲᠷ ᠤᠨ ᠬᠤᠪᠢ ᠬᠥᠮᠦᠨ ᠤ ᠤᠷᠤᠯᠳᠤᠭᠠᠨ᠂ ᠰᠢᠨᠳᠠᠰᠦ ᠨᠢ ᠪᠠᠷᠢᠮᠵᠢᠶ᠎ᠠ ᠳᠤ ᠬᠦᠷᠦᠭᠰᠡᠨ ᠤᠷᠤᠯᠳᠤᠭᠠᠨ 40 ᠺᠢᠯᠤᠮᠧᠲᠷ᠂ 80 ᠺᠢᠯᠤᠮᠧᠲᠷ ᠵᠡᠷᠭᠡ ᠲᠥᠷᠥᠯ ᠵᠦᠢᠯ ᠪᠣᠶ᠃ 8 ᠳ᠋ᠤᠭᠠᠷ ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ᠂ ᠭᠤᠷᠪᠠᠨ ᠡᠳᠦᠷ ᠪᠣᠯᠲᠠᠯ᠎ᠠ᠃ ᠱᠠᠩᠨᠠᠯ ᠤᠨ ᠮᠥᠩᠭᠦ ᠨᠢ 55 ᠲᠦᠮᠡᠨ ᠲᠥᠭᠦᠷᠢᠭ᠃ ︽ᠪᠢᠳᠡ ᠬᠤᠶᠠᠷ ᠰᠠᠷ᠎ᠠ ᠭᠠᠷᠤᠶ ᠶᠢᠨ ᠡᠮᠦᠨ᠎ᠡ ᠨᠠᠷᠢᠨ ᠨᠢᠮᠪᠠᠶ ᠪᠡᠯᠡᠳᠬᠡᠯ ᠬᠢᠭᠰᠡᠨ ᠪᠠᠶᠢᠨ᠎ᠠ᠂ ᠳᠠᠷᠤᠶ ᠡᠨᠡ ᠤᠳᠠᠭᠠᠨ ᠤ ᠠᠵᠢᠯᠯᠠᠭ᠎ᠠ ᠶᠢᠨ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠶᠤᠮ᠃ ᠭᠤᠣᠯᠳᠠᠭᠤ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠪᠦᠬᠦ ᠤᠯᠤᠰ ᠤᠨ ᠠᠷᠠᠳ ᠲᠦᠮᠡᠨ ᠳᠤ ᠲᠣᠣ ᠮᠠ ᠭᠸᠦ ᠶᠢ ᠮᠡᠳᠡᠭᠦᠯᠵᠦ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠣᠶᠢᠯᠠᠭᠠᠭᠤᠯᠬᠤ ᠭᠡᠵᠡᠢ᠃ ︿ᠨᠢᠭᠡ ᠵᠠᠮ ᠤᠮᠠᠷᠠᠰᠢ  ᠳᠠᠷᠬᠠᠨ ᠮᠤᠤᠮᠢᠩᠭᠠᠨ ᠤ ᠬᠠᠮᠤᠭ ᠤᠨ ᠭᠤᠶᠣ﹀ ᠨᠠᠷᠠᠲᠤ ᠲᠡᠮᠳᠡᠭᠲᠦ ᠶᠢ ᠤᠬᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠳᠤ ᠬᠦᠴᠦᠨ ᠨᠡᠮᠡᠷᠢᠯᠡᠶ᠎ᠡ︾ ᠭᠡᠵᠦ ᠱᠢ ᠪᠤᠤ ᠲᠡᠮᠦᠷ ᠤᠨ ᠠᠭᠤᠷᠬᠠᠢ ᠶᠢᠨ ᠪᠦᠯᠦᠭᠯᠡᠯ ᠤᠨ ᠡᠭᠦᠰᠬᠡᠨ ᠪᠠᠶᠢᠭᠤᠯᠤᠭᠴᠢ ᠯᠢ ᡁᠢ ᠴᠢᠶᠠᠩ ᠢᠯᠡᠳᠬᠡᠵᠡᠢ᠃      ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠡᠳ᠋ ᠳᠠᠷᠤᠭ᠎ᠠ ᠼᠠᠢ ᠮᠧᠩ ᠢᠯᠡᠷᠬᠡᠶᠢᠯᠡᠬᠦ ᠳᠡᠭᠡᠨ᠄ ︽︿ᠲᠤᠤ ᠮᠠ ᠭᠧᠦ﹀ ᠨᠢ ᠨᠡᠷ᠎ᠡ ᠠᠴᠠ ᠪᠠᠨ ᠠᠪᠤᠭᠠᠳ ᠮᠣᠷᠢ ᠲᠠᠢ ᠮᠠᠰᠢ ᠬᠠᠷᠢᠴᠠᠭ᠎ᠠ ᠲᠠᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠶᠠᠨ ᠤ ᠬᠡᠪᠴᠢᠶᠡᠨ ᠳᠤ ᠮᠣᠷᠢᠨ ᠤ ᠬᠡᠷᠡᠰᠭᠡ ᠨᠢ ᠴᠦ ᠮᠠᠰᠢ ᠣᠯᠠᠨ ᠪᠠᠶᠢᠳᠠᠭ᠂ ᠪᠠᠰᠠ ᠶᠡᠭᠡ ᠬᠡᠮᠵᠢᠶᠡᠨ ᠤ ᠠᠳᠤᠭᠤᠨ ᠳᠤ ᠬᠠᠶᠢᠷᠠᠲᠠᠢ ᠬᠦᠮᠦᠰ᠂ ᠠᠳᠤᠭᠤᠨ ᠤ ᠰᠣᠶᠣᠯ ᠢᠶᠠᠷ ᠭᠦᠨ ᠵᠤᠵᠠᠭᠠᠨ ᠪᠣᠯᠬᠤᠷ ᠡᠨᠡ ᠤᠳᠠᠭᠠᠨ ᠤ ᠤᠷᠤᠯᠳᠤᠭᠠᠨ ᠠᠳᠡ ᠶᠠᠪᠤᠭᠳᠠᠬᠤ ᠨᠢ ᠣᠨᠴᠠᠭᠠᠶ ᠠᠴᠢ ᠬᠤᠯᠪᠣᠭᠳᠠᠯ ᠲᠠᠢ ᠶᠤᠮ︾ ᠭᠡᠵᠡᠶ᠃ ᠣᠶᠢᠷ᠎ᠠ ᠶᠢᠨ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠮᠢ ᠠᠬᠤᠶ ᠪᠠ ᠵᠢᠭᠤᠯᠴᠢᠯᠠᠯ ᠤᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠨᠠᠭᠠᠳᠤᠮ ᠤᠨ ᠶᠡᠭᠡ ᠬᠤᠷᠠᠯ᠂ ᠮᠣᠷᠢᠨ ᠤᠷᠤᠯᠳᠤᠭᠠᠨ ᠤ ︽ᠬᠦᠳᠡᠭᠡ ᠲᠤᠰᠬᠤᠨ ᠤ ᠬᠡᠳᠦ ᠳᠡᠰ ᠤᠨ ᠬᠤᠯᠪᠤᠭᠠᠲᠦ ᠤᠷᠤᠯᠳᠤᠭᠠᠨ︾ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠤᠷᠤᠯᠳᠤᠭᠠᠨ᠂ ᠠᠳᠤᠭᠤᠨ ᠰᠣᠶᠣᠯ ᠤᠨ ᠬᠤᠤᠰ ᠬᠦᠷᠳᠦ ᠪᠠᠷ ᠬᠥᠳᠡᠯᠭᠡᠭᠦᠷ ᠪᠣᠯᠭᠠᠭᠰᠠᠨ ︽ᠮᠣᠷᠢᠨ ᠤᠷᠤᠯᠳᠤᠭᠠᠨ︾ ᠤ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠬᠦ ᠶᠢᠨ ᠬᠠᠮᠲᠤ ᠪᠣᠶ ᠪᠣᠯᠭᠠᠵᠤ᠂ ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠳᠤᠭᠤᠨ ᠤ ᠠᠵᠤ ᠦᠢᠯᠡᠰ ᠤᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠪᠣᠳᠠᠲᠠᠶ ᠨᠠᠷᠢᠯᠢᠭ ᠬᠢᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠥᠭᠵᠢᠯ ᠴᠡᠴᠡᠭᠯᠡᠯ ᠳᠤ ᠴᠣ᠋ ᠰᠢᠨ᠎ᠡ ᠠᠮᠢᠵᠢᠷᠠᠯ ᠤᠨ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号