ᠨᠡᠷᠡᠬᠦᠢ ᠨᠤᠳᠤᠷᠭ᠎ᠠ ᠶᠢᠨ ᠰᠦᠭ ᠰᠦᠨᠡᠰᠦ ᠶᠢ ᠤᠯᠠᠮᠵᠢᠯᠠᠵᠤ  ᠡᠷᠡᠭᠦᠯ ᠴᠢᠭᠢᠷᠠᠭ ᠠᠮᠢᠳᠤᠷᠠᠯ ᠢ ᠡᠳᠡᠯᠡᠶ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠢᠴᠦᠳ ᠤᠨ ᠬᠤᠯᠪᠣᠭ᠎ᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠠᠬᠢᠭᠤᠯᠬᠤ ᠬᠥᠳᠡᠯᠭᠡᠭᠡᠨ ᠦᠷᠨᠢᠬᠦᠯᠪᠡ
ᠨᠡᠶᠢᠲᠡᠯᠡᠭᠰᠡᠨ ᠴᠠᠭ᠄
2024/8/25
      ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ  ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠪᠦᠲᠦᠮᠵᠢᠲᠡᠶ ᠠᠬᠢᠭᠤᠯᠬᠤ ᠶᠢᠨ ᠲᠥᠯᠥᠭᠡ ᠂ 8 ᠰᠠᠷ᠎ᠠ ᠶᠢᠨ 24 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠬᠡᠤᠬᠡᠳ ᠤᠨ ᠠᠵᠢᠯᠯᠠᠭ᠎ᠠ ᠶᠢᠨ ᠲᠥᠪ ᠤᠨ ᠨᠡᠷᠡᠬᠦᠢ ᠨᠢᠳᠤᠷᠭᠠᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ  ᠨᠢ ︽ᠨᠡᠷᠡᠬᠦᠢ ᠨᠤᠳᠤᠷᠭ᠎ᠠ ᠶᠢᠨ ᠰᠦᠭ ᠰᠦᠨᠡᠰᠦ ᠶᠢ ᠤᠯᠠᠮᠵᠢᠯᠠᠵᠤ    ᠡᠷᠡᠭᠦᠯ ᠴᠢᠭᠢᠷᠠᠭ ᠠᠮᠢᠳᠤᠷᠠᠯ ᠢ ᠡᠳ᠋ᠯᠡᠬᠦ︾  ᠨᠡᠷᠡᠬᠦᠢ ᠨᠢᠳᠤᠷᠭᠠᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ  ᠤᠨ ᠦᠵᠡᠬᠦᠯᠭᠡ ᠶᠢᠨ ᠠᠵᠢᠯᠯᠠᠭ᠎ᠠ ᠥᠷᠨᠢᠭᠦᠯᠵᠦ᠂ ᠣᠲᠣ ᠦᠶ᠎ᠡ ᠶᠢᠨ ᠢᠳᠡᠷ ᠥᠲᠡᠯᠦᠭᠡ ᠨᠠᠰᠤᠨ ᠤ ᠨᠡᠷᠡᠬᠦᠢ ᠨᠢᠳᠤᠷᠭᠠᠨ ᠪᠠᠭ᠋ᠠᠲᠠᠳ ᠤᠨ ᠣᠶᠤᠨ ᠰᠠᠨᠠᠭᠠᠨ ᠤ ᠴᠤᠭ ᠵᠢᠪᠬᠤᠭ᠎ᠠ ᠶᠢ ᠢᠯᠡᠷᠡᠬᠦᠯᠦᠨ᠂ ᠰᠢᠨ᠎ᠡ ᠴᠠᠭ ᠦᠶ᠎ᠡ ᠶᠢᠨ ᠢᠳᠡᠷ ᠥᠲᠡᠯᠦᠭᠡ ᠨᠠᠰᠤᠨ ᠤ ᠬᠥᠮᠦᠰ ᠤᠨ ᠡᠷᠡᠭᠦᠯ ᠴᠢᠭᠢᠷᠠᠭ ᠪᠠᠶᠠᠷ ᠬᠥᠷ ᠲᠠᠢ ᠠᠮᠢᠳᠤᠷᠠᠯ ᠢ ᠬᠥᠭᠡᠭᠡᠴᠡᠯᠳᠦᠬᠦ ᠰᠢᠨ᠎ᠡ ᠣᠶᠢᠯᠠᠭᠠᠭᠳᠠᠬᠤᠨ ᠢ ᠢᠯᠡᠷᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠠᠬᠢᠭᠤᠯᠪᠠ᠃      ᠢᠷᠠᠭᠤ ᠰᠠᠶᠢᠬᠠᠨ ᠬᠥᠭᠵᠢᠮ ᠤᠨ ᠬᠦᠭ ᠠᠶᠠᠰ ᠢ ᠲᠠᠭᠠᠨ᠂ ᠲᠡᠷᠢ ᠲᠡᠭᠰᠢ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠳᠤᠮᠳᠠ ᠬᠦᠳᠡᠯᠬᠡᠬᠡᠨ  ᠬᠦᠰᠢᠭᠡ ᠪᠠᠨ ᠰᠡᠬᠦᠪᠡ ᠃ ᠨᠡᠶᠢᠭᠡᠮᠯᠢᠭ ᠤᠨ ᠪᠦᠬᠦ ᠬᠥᠮᠦᠰ ᠰᠡᠳᠬᠢᠯ ᠰᠠᠨᠠᠭ᠎ᠠ ᠪᠠᠨ ᠲᠦᠪᠯᠡᠷᠡᠬᠦᠯᠦᠨ ᠲᠥᠪ ᠶᠡᠬᠡᠮᠰᠦᠭ ᠵᠣᠭᠰᠣᠵᠤ᠂ ᠂ ᠭᠤᠴᠤ ᠰᠠᠶᠢᠬᠠᠨ ᠳᠥᠴᠢᠨ ᠬᠤᠶᠠᠷ ᠬᠡᠯᠪᠡᠷᠢ ᠶᠢᠨ ᠨᠡᠷᠡᠬᠦᠢ ᠰᠡᠯᠡᠮ᠎ᠡ᠂ ᠬᠤᠷᠢᠨ ᠳᠥᠷᠪᠡᠨ ᠬᠡᠯᠪᠡᠷᠢ ᠶᠢᠨ ᠨᠡᠷᠡᠬᠦᠢ ᠨᠢᠳᠤᠷᠭ᠎ᠠ ᠵᠢᠴᠢ ᠨᠡᠷᠡᠬᠦᠢ ᠬᠢᠳᠤᠭ᠎ᠠ᠂ ᠪᠡᠶ᠎ᠡ ᠰᠤᠪᠢᠯᠠᠬᠤ  ᠲᠠᠶᠠᠭ ᠵᠡᠷᠭᠡ ᠲᠣᠭᠯᠠᠯᠲᠠ ᠭᠠᠷᠭᠠᠵᠤ᠂ ᠬᠥᠳᠡᠯᠦᠯ ᠪᠠᠷᠢᠯ ᠨᠢ ᠬᠠᠲᠠᠭᠤ ᠵᠥᠭᠡᠯᠡᠨ ᠢ ᠬᠤᠣᠰᠯᠠᠭᠤᠯᠵᠤ᠂  ᠭᠡᠭᠡᠮᠰᠦᠭ ᠬᠦᠳᠡᠯᠦᠯ ᠪᠠᠶᠢᠳᠠᠯ ᠠᠴᠠ ᠨᠡᠷᠡᠬᠦᠢ ᠨᠢᠳᠤᠷᠭ᠎ᠠ ᠶᠢᠨ ᠷᠢᠳᠢ ᠰᠢᠳᠢ ᠶᠢ ᠢᠯᠡᠷᠡᠬᠦᠯᠦᠨ᠂  ᠨᠡᠷᠡᠬᠦᠢ ᠨᠢᠳᠤᠷᠭ᠎ᠠ ᠶᠢᠨ ᠰᠦᠭ ᠰᠦᠨᠡᠰᠦ ᠶᠢ ᠭᠦᠢᠴᠡᠳ ᠢᠯᠡᠷᠡᠭᠦᠯᠵᠦ᠂  ᠨᠢᠭᠡ ᠤᠳᠠᠭᠠᠨ ᠤ ᠭᠤᠶᠢᠳᠠ ᠰᠠᠶᠢᠬᠠᠨ ᠬᠠᠷᠠᠭᠠᠨ ᠤ ᠦᠪᠡᠳᠡᠭᠰᠢ ᠨᠠᠶᠢᠷ ᠢ ᠣᠯᠠᠨ ᠳᠤ  ᠦᠵᠡᠬᠦᠯᠦᠭᠰᠡᠨ ᠪᠠᠶᠢᠨ᠎ᠠ᠃      ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠨᠢ ᠬᠥᠮᠦᠰ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ᠂ ᠰᠢᠨ᠎ᠡ ᠳᠦᠷᠰᠦ ᠪᠠᠶᠢᠳᠠᠯ ᠂ ᠰᠢᠨ᠎ᠡ ᠬᠢᠷᠢ ᠲᠦᠪᠰᠢᠨ ᠢᠶᠠᠷ  ᠨᠡᠷᠡᠬᠦᠢ ᠨᠢᠳᠤᠷᠭ᠎ᠠ ᠶᠢᠨ ᠥᠪᠡᠷᠮᠢᠴᠡ ᠲᠠᠲᠠᠬᠤ ᠬᠦᠴᠦᠨ ᠪᠠ ᠭᠦᠨ ᠵᠤᠵᠠᠭᠠᠨ ᠠᠭᠤᠯᠬᠤᠨ ᠢ ᠳᠡᠯᠭᠡᠨ ᠦᠵᠡᠭᠦᠯᠬᠦ ᠶᠢᠨ ᠬᠠᠮᠲᠤ ᠪᠠᠰᠠ ᠥᠷᠭᠡᠨ ᠣᠯᠠᠨ ᠡᠮᠡᠭᠲᠡᠶᠢᠴᠦᠳ ᠤᠨ ᠢᠳᠡᠪᠬᠢᠲᠡᠶ ᠥᠭᠡᠳᠡᠯᠡᠨ ᠳᠠᠪᠰᠢᠬᠤ᠂ ᠡᠷᠡᠭᠦᠯ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠬᠦᠯᠦᠭᠰᠡᠨ ᠪᠠᠶᠢᠨ᠎ᠠ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号