ᠬᠤᠸᠠᠩ ᠯᠦᠩ ᠨᠤᠳᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/26
      8 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠤᠸᠠᠩ ᠯᠦᠩ ᠬᠤᠷᠠᠯ ᠬᠤᠷᠠᠯᠳᠤᠭᠤᠯᠵᠤ᠂ ᠨᠤᠳᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠲᠣᠬᠢᠷᠠᠭᠤᠯᠤᠨ ᠠᠬᠢᠭᠤᠯᠪᠠ᠃    ᠬᠤᠷᠠᠯ ᠠᠴᠠ ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠬᠤᠯᠪᠣᠭᠳᠠᠯ ᠪᠥᠬᠦᠶ ᠪᠠᠶᠢᠳᠠᠯ ᠢ ᠵᠠᠷᠯᠠᠵᠤ᠂ ᠡᠯ᠎ᠡ ᠰᠤᠮᠤ ᠰᠢᠶᠠᠩ ᠪᠠᠯᠭᠠᠰᠤ ᠨᠥᠬᠦᠪᠥᠷᠢ ᠶᠠᠷᠢᠶ᠎ᠠ ᠲᠠᠯᠪᠢᠪᠠ᠃    ᠬᠤᠷᠠᠯ ᠠᠴᠠ᠂ ᠨᠤᠳᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠪᠣᠯ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ  ᠴᠢᠩᠭᠠᠳᠬᠠᠵᠤ᠂ ᠮᠠᠯᠴᠢᠨ ᠲᠠᠷᠢᠶᠠᠴᠢᠨ ᠤ ᠭᠠᠷᠤᠯᠲᠠ ᠶᠢ ᠲᠡᠭᠡᠭᠰᠢᠯᠡᠬᠦᠯᠵᠦ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠴᠢᠩᠭᠠᠳᠬᠠᠵᠤ᠂ ᠬᠠᠰᠢᠶᠠᠯᠠᠨ ᠲᠡᠵᠢᠭᠡᠬᠦ᠂ ︽  ᠲᠠᠯ᠎ᠠ ᠨᠤᠳᠤᠭ ᠤᠨ ᠡᠬᠢ ᠰᠤᠷᠪᠤᠯᠵᠢ︾ ᠶᠢ ᠪᠠᠲᠤᠯᠠᠬᠤ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠰᠠᠶᠢᠲᠤᠷ ᠠᠳᠬᠤᠵᠤ᠂ ︽ᠪᠡᠯᠴᠢᠭᠡᠷᠯᠡᠭᠦᠯᠬᠦ ᠶᠢ ᠬᠤᠷᠢᠭᠯᠠᠬᠤ ᠠᠴᠠ ᠲᠡᠵᠢᠭᠡᠬᠦ ᠶᠢ ᠴᠠᠭᠠᠵᠠᠯᠠᠬᠤ ᠦᠭᠡᠢ᠂ ᠮᠠᠯ ᠢ  ᠪᠠᠭᠠᠰᠬᠠᠬᠤ ᠠᠴᠠ ᠪᠢᠰᠢ ᠤᠷᠤᠯᠭ᠎ᠠ ᠶᠢ ᠪᠠᠭᠠᠰᠬᠠᠬᠤ ᠦᠭᠡᠢ︾ ᠪᠠᠶᠢᠬᠤ ᠶᠢ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠤᠷᠰᠢᠯᠲᠠ ᠶᠢᠨ ᠴᠡᠭ ᠤᠨ ᠠᠵᠢᠯ ᠤᠨ ᠴᠢᠬᠤᠯᠠ ᠠᠴᠢ ᠬᠤᠯᠪᠣᠭᠳᠠᠯ᠂ ᠬᠠᠷᠠᠯᠲᠠ ᠡᠭᠦᠷᠭᠡ ᠪᠣᠯᠤᠨ ᠠᠬᠢᠭᠤᠯᠬᠤ ᠠᠷᠭ᠎ᠠ ᠬᠡᠮᠵᠢᠶ᠎ᠡ ᠶᠢ ᠭᠦᠨᠵᠡᠭᠡᠶ ᠲᠠᠶᠢᠯᠪᠤᠷᠢᠯᠠᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ  ᠪᠡᠯᠴᠢᠭᠡᠷᠯᠡᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ ᠢ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠭᠡᠳᠦ ᠪᠡᠯᠴᠢᠭᠡᠷᠯᠡᠭᠦᠯᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ︽ᠬᠤᠶᠠᠷ ᠢ ᠵᠡᠷᠭᠡᠪᠡᠷ ᠠᠳᠬᠤᠬᠤ︾ ᠶᠢ ᠴᠢᠩᠭ᠎ᠠ ᠬᠠᠮᠢᠶᠠᠷᠬᠤ ᠪᠠ ᠴᠢᠩᠭ᠎ᠠ ᠪᠠᠶᠢᠴᠠᠭᠠᠬᠤ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠠᠤᠯᠢ ᠬᠡᠷᠡᠭᠵᠢᠬᠦᠯᠦᠯᠳᠡ ᠳᠤ ᠬᠢᠨᠠᠯᠲᠠ  ᠲᠠᠯᠪᠢᠵᠤ ᠂ ᠱᠠᠯᠠᠪᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号