ᠵᠢᠶᠠ ᠪᠦᠦ ᠯᠢᠶᠠᠩ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/26
      8ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠤᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠡᠶ᠃ ᠬᠤᠰᠢᠭᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠪᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠬᠤᠸᠠᠩ ᠯᠦᠩ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠶ ᠶᠠᠷᠢᠶ᠎ᠠ ᠲᠠᠯᠪᠢᠪᠠ᠂ ᠲᠡᠷᠡ ᠬᠤᠰᠢᠭᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠠᠵᠤ ᠠᠬᠤᠶ ᠶᠢᠨ ᠬᠥᠭᠵᠢᠯᠲᠡ ᠬᠢᠭᠡᠳ ᠨᠡᠶᠢᠭᠡᠮ ᠤᠨ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠬᠢᠭᠡᠳ ︽ᠠᠷᠪᠠᠨ ᠲᠠᠪᠤᠳᠤᠭᠠᠷ ᠲᠠᠪᠤᠨ ᠵᠢᠯ︾ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢ ᠠᠬᠢᠭᠤᠯᠵᠤ᠂ ᠲᠥᠷᠥᠯ ᠵᠦᠢᠯ ᠬᠢᠭᠡᠳ ᠲᠥᠷᠥ ᠶᠢᠨ ᠪᠣᠳᠣᠯᠭ᠎ᠠ ᠶᠢ ᠣᠨᠣᠪᠴᠢᠲᠠᠶ ᠲᠥᠯᠥᠪᠵᠢᠭᠦᠯᠬᠦ ᠶᠢᠨ ᠬᠠᠮᠲᠤ ᠨᠤᠳᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠠᠰᠠᠭᠤᠳᠠᠯ  ᠢ ᠰᠢᠢᠳᠪᠦᠷᠢᠯᠡᠬᠦ ᠲᠤᠷᠰᠢᠯᠲᠠ ᠶᠢᠨ ᠴᠡᠭ᠂ ᠪᠠᠲᠤᠬᠠᠭᠠᠯᠭ᠎ᠠ ᠪᠠᠯᠭᠠᠰᠤᠨ ᠤ ᠬᠤᠲᠠ ᠪᠠᠯᠭᠠᠰᠤ ᠶᠢ ᠰᠢᠨᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠤᠨ᠎ᠠ᠃ ᠪᠦᠯᠬᠦᠮ ᠨᠡᠶᠢᠲᠡ ᠶᠢᠨ ᠬᠠᠮᠵᠢᠯᠴᠠᠭ᠎ᠠ ᠪᠠ ᠬᠢᠨᠠᠯᠲᠠ ᠲᠠᠯᠪᠢᠬᠤ ᠲᠣᠭᠲᠠᠴᠠ ᠶᠢ ᠴᠢᠩᠭᠠᠳᠬᠠᠵᠤ᠂ ᠪᠦᠬᠦ ᠲᠠᠯ᠎ᠠ ᠶᠢᠨ ᠦᠵᠡᠯᠲᠡ ᠶᠢ ᠪᠤᠢ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠤᠨ ᠲᠠᠬᠢᠨ ᠰᠢᠨ᠎ᠡ ᠦᠨᠳᠦᠷᠴᠡ ᠳᠤ ᠬᠦᠷᠬᠦ ᠶᠢ ᠠᠬᠢᠭᠤᠯᠤᠨ᠎ᠠ  ᠭᠡᠵᠦ  ᠢᠯᠡᠳᠭᠡᠪᠡ      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ᠂ ᠰᠢᠨ᠎ᠡ ᠥᠷᠢᠰᠥᠯᠳᠦᠭᠡᠨ ᠤ ᠡᠮᠦᠨ᠎ᠡ᠂ ᠤᠳᠤᠷᠢᠳᠬᠤ ᠪᠠᠭ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠪᠣᠯ ᠠᠵᠢᠯ ᠤᠨ ᠦᠷ᠎ᠡ ᠪᠦᠲᠦᠮᠵᠢ ᠪᠠᠨ ᠲᠡᠭᠡᠭᠰᠢᠯᠡᠬᠦᠯᠵᠦ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠵᠠᠩᠭᠢᠯᠠᠭ᠎ᠠ ᠮᠥᠨ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠵᠠᠰᠠᠭ ᠤᠨ ᠤᠳᠤᠷᠢᠳᠬᠤ ᠪᠠᠭ ᠨᠢ ᠣᠷᠣᠨ ᠨᠤᠲᠤᠭ ᠤᠨ ᠬᠥᠭᠵᠢᠯᠲᠡ ᠶᠢᠨ ︽ᠵᠢᠯᠣᠭᠤᠳᠬᠤ ᠭᠠᠵᠠᠷ︾ ᠪᠣᠯᠤᠭᠰᠠᠨ ᠤ ᠬᠤᠪᠢ ᠳᠤ᠂ ᠤᠯᠤᠰ ᠲᠥᠷᠥ ᠶᠢ ᠡᠷᠬᠢᠮᠯᠡᠵᠦ᠂ ᠶᠡᠭᠡ ᠲᠠᠯ᠎ᠠ ᠶᠢ ᠡᠷᠬᠢᠮᠯᠡᠵᠦ᠂ ᠪᠦᠯᠬᠦᠮᠳᠡᠯ ᠢ ᠡᠷᠬᠢᠮᠯᠡᠵᠦ᠂ ᠬᠥᠭᠵᠢᠯᠲᠡ ᠶᠢᠨ ᠤᠬᠠᠮᠰᠠᠷ ᠪᠠ ᠵᠣᠷᠢᠯᠲᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠨᠠᠮ ᠤᠨ ᠲᠥᠪ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠵᠢᠯ ᠳᠠᠭᠠᠨ ᠢᠮᠠᠭᠲᠠ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠥᠨᠳᠥᠷ ᠵᠣᠭᠰᠣᠴᠠ᠂ ᠨᠠᠩ ᠬᠤᠯᠠ ᠶᠢᠨ ᠬᠠᠷᠠᠴᠠ ᠪᠠᠷ ᠮᠠᠨ ᠤ ᠬᠤᠰᠢᠭᠤᠨ ᠤ ᠬᠥᠭᠵᠢᠯᠲᠡ ᠶᠢᠨ ᠠᠷᠭ᠎ᠠ ᠵᠠᠮ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ ᠪᠠᠶᠢᠷᠢᠯᠠᠭᠤᠯᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠬᠠᠷᠢᠯᠴᠠᠨ ᠳᠡᠮᠵᠢᠵᠦ᠂ ᠬᠠᠷᠢᠯᠴᠠᠨ ︽ᠨᠦᠬᠦᠬᠦ︾᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠤᠨ ᠬᠥᠭᠵᠢᠯᠲᠡ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠥᠯᠭᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠶ᠃ ᠰᠢᠨ᠎ᠡ ᠲᠦᠷᠢ ᠳᠤ ᠲᠦᠷᠭᠡᠨ ᠠᠭᠤᠰᠴᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠭᠡᠰᠢᠭᠦᠳ ᠰᠢᠨ᠎ᠡ ᠠᠵᠢᠯ ᠤᠨ ᠪᠠᠶᠢᠷᠢ ᠳᠠᠭᠠᠨ ᠲᠦᠷᠭᠡᠨ ᠵᠣᠬᠢᠴᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂  ᠭᠠᠳᠠᠭᠰᠢ ᠭᠠᠷᠴᠤ᠂ ᠲᠤᠤᠷ᠎ᠠ ᠱᠠᠳᠤᠨ ᠳᠤ ᠪᠠᠭᠤᠵᠤ᠂᠂ ᠲᠥᠷᠥᠯ ᠵᠦᠢᠯ ᠤᠨ ᠪᠠᠯᠠ ᠮᠥᠩᠭᠦ ᠶᠢ ᠴᠢᠷᠮᠠᠶᠢᠨ ᠣᠯᠵᠤ᠂ ᠨᠢᠭᠡᠳᠦᠭᠡᠷ ᠹᠷᠣᠨᠲ ᠲᠤ ᠢᠳᠡᠪᠬᠢᠲᠡᠶ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠶ ᠪᠠᠶᠢᠳᠠᠯ ᠢ ᠡᠵᠡᠮᠰᠢᠨ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠵᠣᠯᠭᠠᠯᠴᠠᠭ᠎ᠠ ᠶᠢ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠠᠮ ᠵᠠᠰᠠᠭ ᠤᠨ ᠤᠳᠤᠷᠢᠳᠬᠤ ᠪᠠᠭ ᠤᠨ ᠬᠢᠨ ᠰᠤᠷᠤᠯᠴᠠᠯᠭ᠎ᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠰᠤᠳᠤᠯᠭᠠᠨ᠂ ᠤᠨᠤᠯ ᠤᠨ ᠰᠤᠷᠤᠯᠴᠠᠯᠭ᠎ᠠ ᠪᠣᠯᠤᠨ ᠲᠤᠬᠠᠶᠢᠯᠠᠭᠰᠠᠨ ᠠᠵᠢᠯ ᠤᠨ  ᠰᠢᠨᠵᠢᠯᠡᠯᠳᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨᠴᠢ ᠤᠳᠤᠷᠢᠳᠬᠤ ᠠᠷᠭ᠎ᠠ ᠶᠢ ᠡᠵᠡᠮᠰᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠰᠢᠢᠳᠪᠦᠷᠢᠯᠡᠵᠦ ᠲᠡᠶᠢᠯᠬᠦ ᠰᠡᠳᠬᠢᠬᠦᠢ ᠪᠠᠨ ᠴᠢᠩᠭᠠᠳᠬᠠᠵᠤ᠂ ᠠᠵᠤ ᠠᠬᠤᠢ ᠶᠢᠨ ᠭᠦᠢᠴᠡᠳᠬᠡᠯ ᠲᠤᠭ᠎ᠠ᠂ ᠴᠢᠬᠤᠯᠠ ᠶᠡᠭᠡ ᠲᠦᠷᠦᠯ ᠵᠦᠢᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠪᠦᠬᠦ ᠬᠦᠴᠦᠨ ᠢᠶᠠᠷ ᠢᠶᠠᠨ ᠲᠤᠳᠠᠭᠳᠠᠯ ᠢᠶᠠᠨ  ᠨᠦᠬᠦᠪᠦᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠣᠷᠣᠨ ᠲᠡᠪᠰᠢᠬᠦ ᠪᠠᠷ ᠴᠢᠷᠮᠠᠶᠢᠵᠤ᠂  ᠨᠢᠬᠡ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠢ ᠲᠣᠭᠲᠠᠭᠤᠨ ᠪᠠᠶᠢᠯᠭᠠᠬᠤ ᠵᠡᠷᠭᠡ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠬᠤ ᠬᠡᠷᠡᠭᠲᠡᠢ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠣᠳᠠᠲᠠᠢ ᠠᠳᠬᠤᠵᠤ᠂  ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠲᠦᠷᠦᠬᠦᠯᠡᠨ ᠵᠢᠷᠤᠮᠯᠠᠨ ᠰᠠᠬᠢᠬᠤ ᠬᠡᠷᠡᠭᠲᠡᠢ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ  ᠂ ᠨᠠᠮ ᠢ ᠪᠦᠬᠦ ᠲᠠᠯ᠎ᠠ ᠪᠠᠷ  ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠦᠨᠡᠨᠬᠦ ᠰᠠᠶᠢᠲᠤᠷ ᠭᠦᠢᠴᠡᠳᠬᠡᠵᠦ᠂ ᠰᠠᠬᠢᠯᠭ᠎ᠠ ᠪᠠᠲᠤ ᠶᠣᠰᠣ ᠲᠦᠷᠢᠮ ᠢ ᠲᠦᠷᠦᠭᠦᠯᠡᠨ ᠴᠢᠩᠭ᠎ᠠ ᠰᠠᠬᠢᠵᠤ᠂ ᠬᠠᠤᠯᠢ ᠲᠦᠷᠢᠮ ᠶᠣᠰᠣᠭᠠᠷ ᠰᠢᠢᠳᠪᠦᠷᠢᠲᠦ ᠪᠤᠳᠤᠯᠭ᠎ᠠ ᠲᠤᠭᠳᠠᠭᠠᠬᠤ ᠡᠷᠬᠡ  ᠪᠠᠨ ᠬᠡᠷᠡᠭᠯᠡᠵᠦ ᠂  ᠠᠵᠢᠯ ᠤᠨ ᠪᠦᠲᠦᠮᠵᠢ ᠵᠢᠨ‌ᠵᠥ᠋ᠪ ᠣᠨᠣᠪᠴᠢᠲᠠᠢ ᠦᠵᠡᠯᠲᠡ ᠶᠢ ᠪᠤᠢ ᠪᠣᠯᠭᠠᠬᠤ ᠶᠢᠨ ᠬᠠᠮᠲᠤ ᠦᠢᠯᠡᠳᠦᠯᠭᠡᠵᠢᠭᠦᠯᠵᠦ᠂ ᠢᠮᠠᠭᠲᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ  ᠶᠢᠨ ᠦᠯᠢᠭᠡᠷ ᠳᠠᠭᠤᠷᠢᠶᠠᠯ ᠪᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠲᠤᠪᠠᠷ ᠪᠤᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号