ᠪᠠᠰᠠ ᠨᠢᠭᠡ ᠰᠠᠶᠢᠨ ᠴᠢᠮᠡᠭᠡ︕ ᠪᠠᠶᠢᠭᠤᠯᠤᠨ ᠲᠠᠭᠤᠰᠬᠠᠵᠤ ᠠᠰᠢᠭᠯᠠᠯᠲᠠ ᠳᠤ ᠣᠷᠣᠭᠤᠯᠪᠠ︕ ᠴᠠᠬᠢᠯᠭᠠᠨ ᠴᠡᠨᠡᠭᠯᠡᠬᠦ ᠬᠠᠮᠤᠭ ᠤᠨ ᠲᠦᠷᠭᠡᠨ ᠬᠤᠷᠳᠤᠴᠠ ᠨᠢ ᠨᠢᠭᠡ ᠰᠧᠺᠦ᠋ᠨ᠋ᠳ᠋ ᠲᠤ ᠨᠢᠭᠡ ᠺᠢᠯᠣᠮᠧᠲᠷ ᠬᠦᠷᠴᠦ ᠪᠤᠢ
ᠨᠡᠶᠢᠲᠡᠯᠡᠭᠰᠡᠨ ᠴᠠᠭ᠄
2024/8/26
      ᠰᠤᠷᠪᠤᠯᠵᠢᠯᠠᠭᠴᠢ ᠭᠤᠸᠠᠩᠰᠢ ᠶᠢᠨ ᠨᠠᠨᠨᠢᠩ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠭᠤᠸᠠᠩᠰᠢ ᠶᠢᠨ ᠠᠩᠬᠠᠳᠠᠭᠴᠢ ᠬᠡᠷᠡᠯ ᠬᠠᠳᠠᠭᠠᠯᠠᠬᠤ ᠬᠡᠲᠦ ᠴᠡᠨᠡᠭᠯᠡᠬᠦ ᠭᠠᠷᠭᠠᠬᠤ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠥᠷᠲᠡᠭᠡ ᠶᠢᠨ ᠨᠠᠨᠨᠢᠩ ᠤᠨ ᠦᠰᠢᠶᠠᠩ ᠲᠤᠭᠤᠷᠢᠭ ᠤᠨ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠥᠷᠲᠡᠭᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠂ ᠲᠣᠰ ᠥᠷᠲᠡᠭᠡ ᠨᠢ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠡᠨᠧᠷᠭᠢ ᠬᠠᠳᠠᠭᠠᠯᠠᠬᠤ ᠰᠢᠩᠭᠡᠨ ᠢ ᠬᠥᠷᠥᠭᠡᠵᠦ ᠬᠡᠲᠦ ᠴᠡᠨᠡᠭᠯᠡᠬᠦ᠂ V 2 G ᠴᠠᠬᠢᠯᠭᠠᠨ ᠴᠡᠨᠡᠭᠯᠡᠬᠦ ᠱᠣᠩ ᠵᠡᠷᠭᠡ ᠣᠯᠠᠨ ᠲᠡᠷᠭᠡᠨ ᠤ ᠲᠤᠤᠷ ᠬᠠᠷᠢᠯᠴᠠᠨ ᠦᠢᠯᠡᠳᠦᠯᠴᠡᠬᠦ ᠮᠡᠷᠭᠡᠵᠢᠯ ᠢ ᠨᠢᠭᠡ ᠴᠤᠬᠴᠠᠵᠢᠭᠤᠯᠵᠤ᠂ ᠴᠠᠬᠢᠯᠭᠠᠨ ᠴᠡᠨᠡᠭᠯᠡᠬᠦ ᠬᠠᠮᠤᠭ ᠤᠨ ᠲᠦᠷᠭᠡᠨ ᠬᠤᠷᠳᠤᠴᠠ ᠨᠢ ︽ᠨᠢᠭᠡ ᠰᠧᠺᠦ᠋ᠨ᠋ᠳ᠋ ᠲᠤ ᠨᠢᠭᠡ ᠺᠢᠯᠣᠮᠧᠲᠷ︾ ᠬᠦᠷᠴᠦ ᠪᠤᠢ᠃ ᠲᠥᠰᠦᠭᠡᠯᠡᠨ ᠪᠤᠳᠤᠭᠰᠠᠨ ᠢ ᠦᠨᠳᠦᠰᠦᠯᠡᠪᠡᠯ᠂ ᠥᠷᠲᠡᠭᠡᠨ ᠤ ᠳᠣᠲᠣᠷᠠᠬᠢ 7 ᠰᠠᠤᠷᠢ 15 ᠬᠢᠯᠦᠸᠠᠲ ᠤᠨ V 2 G ᠴᠠᠬᠢᠯᠭᠠᠨ ᠴᠡᠨᠡᠭᠯᠡᠬᠦ ᠱᠣᠩ ᠨᠢ 2 ᠴᠠᠭ ᠡᠰᠡᠷᠭᠦ ᠴᠢᠭᠯᠡᠯ ᠢᠶᠠᠷ ᠴᠠᠬᠢᠯᠭᠠᠨ ᠭᠠᠷᠭᠠᠬᠤ ᠦᠶ᠎ᠡ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠴᠠᠬᠢᠯᠭᠠᠨ ᠲᠤᠤᠷ ᠲᠤ ᠭᠡᠳᠡᠷᠭᠦ ᠪᠠᠨ 100 ᠬᠢᠯᠦᠸᠠᠲ ᠴᠠᠭ  ᠴᠠᠬᠢᠯᠭᠠᠨ ᠬᠦᠷᠭᠡᠵᠦ᠂ 12 ᠬᠡᠷ ᠪᠦᠯᠢ ᠶᠢᠨ ᠨᠢᠭᠡ ᠡᠳᠦᠷ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠵᠤ ᠲᠠᠶᠢᠯᠤᠨ᠎ᠠ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号