8 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠥᠪᠥᠷ | ᠮᠣᠩᠭᠤᠯ ᠤᠨᠼᠧ ᠴᠧᠩ ᠠᠭᠤᠷᠬᠠᠶ ᠶᠢᠨ ᠦᠢᠯᠡᠰ ᠤᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ | ᠤᠯᠠᠭᠠᠨᠲᠣᠯᠣᠭᠠᠢ ᠵᠡᠰ ᠨᠢᠺᠧᠯ ᠠᠭᠤᠷᠬᠠᠢ ᠶᠢᠨ 45 ᠲᠦᠮᠡᠨ ᠲᠣᠨ / ᠵᠢᠯ ᠮᠠᠯᠲᠠᠨ ᠰᠣᠩᠭᠤᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ᠂ ᠪᠤᠭᠤᠲᠤ ᠶᠢᠨ ᠪᠠᠶ ᠯᠢᠩ ᠴᠠᠬᠢᠯᠭᠠᠨ ᠲᠣᠤᠷ ᠤᠨ | ᠲᠠᠯ᠎ᠠ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠵᠢᠴᠢ ᠶᠤᠸᠠᠨ ᠵᠢᠩ᠂ ᠲᠦᠩ ᠸᠧᠶ᠂ ᠪᠦᠦ ᠱᠧᠩ | ᠥᠭᠡᠬᠦᠨ ᠴᠢᠯᠠᠭᠤᠨ ᠮᠠᠲ᠋ᠧᠷᠢᠶᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠂ ᠠᠶᠤᠯᠭᠦᠶ ᠦᠢᠯᠡᠳᠪᠦᠷᠢᠯᠡᠯ ᠪᠠ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠢ ᠲᠤᠬᠠᠶ ᠶᠢᠨ ᠲᠠᠯᠠᠪᠠᠶ ᠲᠤᠨᠢ ᠬᠦᠷᠴᠦ ᠪᠠᠶᠢᠴᠠᠭᠠᠨ ᠰᠤᠳᠤᠯᠪᠠ᠃ | ᠵᠢᠶᠠ ᠪᠦᠦ ᠯᠢᠶᠠᠩ᠂ ᠬᠦᠷᠦᠭᠰᠡᠨ ᠭᠠᠵᠠᠷ ᠪᠣᠯᠭᠠᠨ ᠤ ᠪᠠᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠵᠦ᠂ ᠠᠵᠤ | ᠠᠬᠤᠶᠢᠯᠠᠯ ᠤᠨ ᠬᠠᠷᠢᠭᠤᠴᠠᠯᠭᠠᠳᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠦᠳᠦᠭᠡᠨ ᠪᠠᠶᠢᠭᠤᠯᠤᠯᠲᠠ ᠶᠢᠨ | ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠨᠢ ᠵᠣᠬᠢᠴᠠᠭᠤᠯᠤᠨ | ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠠᠵᠤ ᠠᠬᠤᠶᠢᠯᠠᠯ ᠤᠨ ᠪᠡᠯᠡ | ᠣᠷᠣᠭᠤᠯᠵᠤ ᠦᠢᠯᠡᠰ ᠪᠤᠰᠬᠠᠬᠤ ︽ᠦᠢᠯᠡᠴᠢᠯᠡᠭᠴᠢ︾ ᠪᠤᠯᠵᠤ᠂ ᠠᠵᠤ ᠠᠬᠤᠶᠢᠯᠠᠯ ᠢ ᠬᠠᠪᠰᠤᠷᠤᠨ ᠤᠰᠤ | ᠴᠠᠬᠢᠯᠭᠠᠨ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠪᠣᠳᠠᠲᠠᠢ ᠬᠦᠴᠢᠷᠳᠡᠯ ᠢ ᠨᠢ ᠰᠠᠶᠢᠲᠤᠷ ᠰᠢᠢᠳᠪᠦᠷᠢᠯᠡᠵᠦ᠂ ᠠᠵᠤ | ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠵᠠᠬᠢᠪᠠ᠃ | ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ︽ᠬᠤᠶᠠᠷ | ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ︽ ᠰᠢᠢᠳᠪᠦᠷᠢᠯᠡᠵᠦ ᠲᠡᠶᠢᠯᠬᠦ ᠰᠡᠳᠬᠢᠬᠦᠶ ᠲᠠᠢ ᠪᠠᠶᠢᠬᠤ︾ ᠶᠢ | ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠤᠰᠤ | ᠴᠠᠬᠢᠯᠭᠠᠨ ᠵᠠᠮ ᠴᠢᠮᠡᠭᠡ ᠵᠠᠩᠭᠢ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠣᠬᠢᠴᠠᠭᠤᠯᠤᠨ ᠬᠠᠮᠲᠤᠷᠠᠯᠴᠠᠬᠤ ᠶᠢ | ᠴᠢᠩᠭᠠᠳᠬᠠᠵᠤ᠂ ᠲᠣᠰ ᠲᠣᠰ ᠤᠨ ᠡᠭᠦᠷᠭᠡ ᠲᠤᠰᠢᠶᠠᠯ᠂ ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠲᠥᠷᠥᠯ | ᠵᠦᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠵᠤ ᠲᠣᠭᠲᠠᠭᠰᠠᠨ ᠬᠤᠭᠤᠴᠠᠭᠠᠨ ᠳᠤ ᠠᠵᠢᠯ ᠢᠶᠠᠨ | ᠳᠠᠭᠤᠰᠬᠠᠬᠤ ᠶᠢ ᠪᠠᠲᠤᠯᠠᠵᠤ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠣᠶ ᠪᠣᠯᠭᠠᠬᠤ ᠬᠡᠷᠡᠭᠲᠡᠶ ᠭᠡᠪᠡ᠃ | ᠲᠥᠷᠥᠯ ᠵᠦᠢᠯ ᠤᠨ ᠥᠮᠴᠢᠲᠡᠨ ᠤ ᠨᠢᠭᠡᠴᠡ᠂ ᠣᠷᠣᠯᠠᠨ ᠪᠠᠶᠢᠭᠤᠯᠬᠤ ᠨᠢᠭᠡᠴᠡ ᠬᠠᠷᠢᠭᠤᠴᠠᠯᠭ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ | ᠠᠬᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ | ᠠᠵᠢᠯ ᠤᠨ ᠬᠤᠭᠤᠴᠠᠭ᠎ᠠ ᠶᠢ ᠠᠮᠵᠢᠨ ᠠᠳᠬᠤᠵᠤ᠂ ᠲᠦᠷᠭᠡᠨ ᠠᠵᠢᠯᠯᠠᠬᠤ ᠶᠢ ᠴᠢᠩᠭ᠎ᠠ ᠱᠠᠭᠠᠷᠳᠠᠵᠤ᠂ ᠪᠥᠲᠥᠭᠡᠨ | ᠪᠠᠶᠢᠭᠤᠯᠤᠯᠲᠠ ᠦᠢᠯᠡᠳᠪᠦᠷᠢᠯᠡᠯ ᠤᠨ ᠶᠠᠪᠤᠴᠠ ᠳᠤ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠬᠠᠮᠢᠶ᠎ᠠ ᠪᠥᠬᠦᠶ | ᠰᠠᠯᠠᠭ᠎ᠠ ᠮᠥᠴᠢᠷ ᠨᠢᠭᠡᠴᠡ ᠳᠤ ᠬᠠᠷᠢᠭᠤ ᠲᠤᠰᠬᠠᠵᠤ᠂ ᠡᠷᠲᠡᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠪᠠᠷ | ᠴᠢᠷᠮᠠᠶᠢᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠶ ᠭᠡᠪᠡ᠃ | ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠵᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ | ᠂ ᠴᠢᠨᠠᠷ ᠰᠠᠶᠢᠲᠠᠢ ᠠᠮᠢ ᠠᠬᠤᠢ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠪᠡ᠃ | ᠬᠤᠰᠢᠭᠤᠨ ᠤ ᠤᠳᠤᠷᠢᠳᠤᠯᠭ᠎ᠠ ᠭᠤᠤ ᠹᠸᠢ᠂ ᠰᠤ᠋ ᠷᠦᠢ ᠹᠧᠩ᠂ ᠶᠠᠨ ᠴᠦᠨ ᠯᠸᠢ᠂ ᠰᠦᠨ ᠿᠢ ᠴᠢᠩ | ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠳᠠᠳ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ |