ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠳᠤ ᠴᠢᠬᠢ ᠭᠠᠷᠤᠭᠰᠠᠨ ᠤ ᠳᠠᠷᠠᠭ᠎ᠠ ᠦᠷᠭᠦᠯᠵᠢᠯᠡᠨ | ᠬᠦᠢᠲᠡᠨ ᠠᠭᠤᠷ ᠠᠮᠢᠰᠬᠤᠯ᠂ ᠪᠦᠷᠬᠦᠭ ᠪᠣᠷᠣᠭᠠᠨ ᠪᠠᠭ᠎ᠠ ᠪᠣᠯᠬᠤᠷ ᠤᠷᠭᠤᠮᠠᠯ ᠤᠨ ᠤᠷᠭᠤᠴᠠ ᠶᠡᠷᠦᠩᠬᠡᠢ ᠳᠤ ᠪᠠᠨ | ᠪᠠᠭ᠋ᠠᠨ ᠤᠳᠠᠭᠠᠨ᠂ ᠬᠡᠰᠡᠭ ᠭᠠᠵᠠᠷ ᠤᠨ ᠤᠷᠭᠤᠮᠠᠯ ᠤᠨ ᠡᠰᠢ ᠪᠠᠭ᠎ᠠ ᠪᠠᠶᠢᠵᠤ᠂ ᠦᠨᠳᠦᠰᠦ ᠢᠯᠵᠠᠷᠠᠬᠤ ᠡᠪᠡᠳᠴᠢᠨ | ᠠᠳᠠᠯᠢ ᠪᠤᠰᠤ ᠬᠡᠮᠵᠢᠶ᠎ᠡ ᠪᠠᠷ ᠡᠭᠦᠰᠳᠡᠭ᠃ ᠰᠢᠷ᠎ᠠ ᠪᠤᠷᠴᠠᠭ ᠤᠨ ᠤᠷᠭᠤᠮᠠᠯ ᠤᠨ ᠥᠰᠦᠯᠲᠡ ᠶᠢ ᠲᠦᠷᠭᠡᠨ | ᠰᠡᠷᠭᠦᠭᠡᠬᠦ ᠶᠢ ᠠᠬᠢᠭᠤᠯᠵᠤ᠂ ᠡᠪᠡᠳᠴᠢᠨ ᠤ ᠬᠥᠨᠥᠭᠡᠯ ᠢ ᠤᠯᠠᠮ ᠨᠢᠭᠡ ᠠᠯᠬᠤᠮ ᠬᠦᠨᠳᠦᠷᠡᠭᠦᠯᠬᠦ ᠪᠠ ᠳᠡᠯᠭᠡᠷᠡᠬᠦ ᠶᠢ | ᠰᠡᠷᠭᠡᠶᠢᠯᠡᠬᠦ ᠶᠢᠨ ᠲᠥᠯᠥᠭᠡ᠂ ᠥᠷᠭᠡᠨ ᠣᠯᠠᠨ ᠲᠠᠷᠢᠮᠠᠯ ᠤᠨ ᠡᠷᠦᠬᠡ ᠶᠢ ᠴᠠᠭ ᠲᠤᠬᠠᠢ ᠳᠤᠨᠢ ᠲᠠᠷᠢᠶᠠᠨ ᠭᠠᠵᠠᠷ ᠢ | ᠪᠠᠶᠢᠴᠠᠭᠠᠵᠤ᠂ ᠠᠯᠢ ᠲᠦᠷᠭᠡᠨ ᠢᠶᠠᠷ ᠪᠦᠲᠦᠮᠵᠢᠲᠡᠶ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠠᠪᠬᠤ ᠶᠢ ᠰᠠᠨᠠᠭᠤᠯᠵᠤ ᠪᠠᠶᠢᠨ᠎ᠠ᠃ | ᠨᠢᠭᠡ ᠳᠤ ᠲᠠᠷᠢᠶᠠᠯᠠᠬᠤ ᠠᠵᠢᠯ ᠢ ᠴᠠᠭ ᠲᠤᠬᠠᠢ ᠳᠤᠨᠢ ᠬᠢᠬᠦ ᠬᠡᠷᠡᠭᠲᠡᠢ᠃ ᠬᠤᠲᠣᠭᠤᠷ ᠭᠠᠵᠠᠷ ᠠᠮᠠᠷᠬᠠᠨ | ᠤᠰᠤᠲᠤᠳᠠᠭ ᠭᠠᠵᠠᠷ ᠢ ᠴᠠᠭ ᠲᠤᠬᠠᠢ ᠳᠤᠨᠢ ᠲᠡᠭᠰᠢᠯᠡᠵᠦ ᠳᠠᠯᠠᠩᠳᠠᠵᠤ᠂ ᠲᠠᠷᠢᠶᠠᠯᠠᠵᠤ ᠰᠢᠷᠣᠢ ᠨᠡᠮᠡᠬᠦ ᠠᠵᠢᠯ ᠢ | ᠬᠢᠵᠦ᠂ ᠬᠦᠢᠲᠡᠨ᠂ ᠴᠢᠭᠢᠭ ᠢ ᠲᠠᠷᠬᠠᠭᠠᠬᠤ ᠶᠢ ᠲᠦᠷᠭᠡᠳᠬᠡᠨ᠂ ᠬᠥᠷᠥᠰᠥ ᠰᠢᠷᠣᠢ ᠶᠢᠨ ᠬᠡᠢ ᠨᠡᠪᠲᠡᠷᠡᠬᠦ ᠴᠢᠨᠠᠷ ᠢ | ᠨᠡᠮᠡᠭᠳᠡᠭᠦᠯᠵᠦ᠂ ᠨᠢᠯᠬ᠎ᠠ ᠴᠢᠬᠢ ᠶᠢᠨ ᠥᠰᠦᠯᠲᠡ ᠶᠢ ᠠᠬᠢᠭᠤᠯᠬᠤ ᠬᠡᠷᠡᠭᠲᠡᠢ᠃ | ᠬᠤᠶᠠᠷ ᠲᠤ ᠴᠠᠭ ᠲᠤᠨᠢ ᠲᠣᠬᠢᠷᠠᠭᠤᠯᠤᠨ ᠥᠰᠦᠯᠲᠡ ᠶᠢ ᠲᠣᠬᠢᠷᠠᠭᠤᠯᠬᠤ ᠡᠳ᠋ ᠪᠠ ᠨᠠᠪᠴᠢᠨ ᠤ ᠪᠣᠷᠳᠣᠭᠤᠷ | ᠰᠦᠷᠴᠢᠨ ᠣᠷᠤᠭᠤᠯᠬᠤ ᠬᠡᠷᠡᠭᠲᠡᠢ᠃ ᠡᠰᠢ ᠨᠠᠪᠴᠢ ᠶᠢᠨ ᠡᠪᠡᠰᠦ ᠶᠢ ᠠᠷᠢᠯᠭᠠᠭᠰᠠᠨ ᠤ ᠳᠠᠷᠠᠭ᠎ᠠ ᠤᠷᠭᠤᠯᠲᠠ ᠶᠢ | ᠲᠣᠬᠢᠷᠠᠭᠤᠯᠬᠤ ᠡᠳ᠋ ᠪᠠ ᠨᠠᠪᠴᠢᠨ ᠤ ᠪᠣᠷᠳᠣᠭᠤᠷ ᠰᠦᠷᠴᠢᠨ ᠣᠷᠣᠭᠤᠯᠵᠤ᠂ ᠴᠢᠬᠢᠨ ᠤ ᠦᠰᠦᠯᠳᠡ ᠶᠢ | ᠲᠦᠷᠭᠡᠳᠭᠡᠬᠦ ᠳᠤ ᠲᠤᠰᠠᠯᠠᠬᠤ ᠬᠡᠷᠡᠭᠲᠡᠢ᠃ ᠥᠰᠦᠯᠲᠡ ᠶᠢ ᠲᠣᠬᠢᠷᠠᠭᠤᠯᠬᠤ ᠡᠳ᠋ ᠨᠢ ᠶᠦᠨ ᠲᠠᠢ ᠡᠳ᠋ ᠤᠨ | ᠳᠣᠲᠣᠭᠠᠳᠤ ᠡᠰᠲ᠋ᠧᠷ ᠪᠤᠶᠤ ᠤᠯᠠᠭᠠᠨ • ᠶᠢᠨ ᠢ • ᠶᠦᠨ ᠲᠠᠢ ︵ᠪᠢ ᠬᠤ᠋︶᠂ ᠨᠠᠪᠴᠢᠨ ᠤ ᠪᠣᠷᠳᠣᠭᠤᠷ ᠤᠨ | ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠰᠤᠩᠭᠤᠨ᠂ ᠰᠢᠩᠭᠡᠷᠡᠭᠦᠯᠦᠭᠰᠡᠨ ᠤ ᠳᠠᠷᠠᠭ᠎ᠠ | ᠨᠠᠪᠴᠢᠨ ᠤ ᠭᠠᠳᠠᠷᠭᠤ ᠳᠤ ᠰᠦᠷᠴᠢᠵᠦ ᠪᠣᠯᠳᠠᠭ᠃ | ᠭᠤᠷᠪᠠ ᠳᠤ ᠪᠠᠺᠲ᠋ᠧᠷᠢ ᠠᠯᠠᠬᠤ ᠡᠳ᠋ ᠪᠠ ᠨᠠᠪᠴᠢᠨ ᠤ ᠪᠣᠷᠳᠣᠭᠤᠷ ᠢ ᠤᠷᠢᠳᠴᠢᠯᠠᠨ ᠰᠦᠷᠴᠢᠨ ᠣᠷᠤᠭᠤᠯᠬᠤ | ᠬᠡᠷᠡᠭᠲᠡᠢ᠃ ᠤᠷᠭᠤᠴᠠ ᠨᠢ ᠨᠡᠯᠢᠶᠡᠳ ᠪᠠᠭᠤᠷᠠᠢ ᠭᠠᠵᠠᠷ ᠲᠤ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ | ᠠᠳᠬᠤᠵᠤ᠂ ᠪᠠᠺᠲ᠋ᠧᠷᠢ ᠠᠯᠠᠬᠤ ᠡᠳ᠋ ᠪᠣᠯᠣᠨ ᠨᠠᠪᠴᠢᠨ ᠤ ᠪᠣᠷᠳᠣᠭᠤᠷ ᠢ ᠴᠠᠭ ᠲᠤᠬᠠᠢ ᠳᠤᠨᠢ ᠰᠦᠷᠴᠢᠨ | ᠣᠷᠣᠭᠤᠯᠵᠤ᠂ ᠤᠷᠭᠤᠮᠠᠯ ᠤᠨ ᠡᠪᠡᠳᠴᠢᠨ ᠢ ᠡᠰᠡᠷᠭᠦᠴᠡᠬᠦ ᠴᠢᠨᠠᠷ ᠢ ᠨᠡᠮᠡᠭᠳᠡᠭᠦᠯᠦᠨ᠂ ᠡᠪᠡᠳᠴᠢᠨ ᠤ ᠬᠥᠨᠥᠭᠡᠯ | ᠡᠭᠦᠰᠬᠦ ᠨᠣᠷᠮ᠎ᠠ ᠶᠢ ᠪᠠᠭᠤᠷᠠᠭᠤᠯᠬᠤ ᠬᠡᠷᠡᠭᠲᠡᠢ᠃ | ᠳᠥᠷᠪᠡ ᠳᠤ ᠡᠮ ᠨᠠᠶᠢᠷᠠᠯᠭ᠎ᠠ ᠶᠢ ᠴᠠᠭ ᠲᠤᠬᠠᠢ ᠳᠤᠨᠢ ᠬᠡᠷᠡᠭᠯᠡᠵᠦ ᠰᠡᠷᠭᠡᠶᠢᠯᠡᠨ ᠵᠠᠰᠠᠬᠤ ᠬᠡᠷᠡᠭᠲᠡᠢ᠃ | ᠦᠨᠳᠦᠰᠦ ᠨᠢ ᠢᠯᠵᠠᠷᠠᠬᠤ ᠡᠪᠡᠳᠴᠢᠨ ᠡᠭᠦᠰᠦᠭᠰᠡᠨ ᠭᠠᠵᠠᠷ ᠲᠤ ᠡᠮ ᠨᠠᠶᠢᠷᠠᠯᠠᠭ᠎ᠠ ᠶᠢᠨ ᠰᠡᠷᠭᠡᠶᠢᠯᠡᠨ ᠵᠠᠰᠠᠬᠤ | ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠵᠢᠩ ᠵᠢᠶᠠ ᠱᠦᠸᠠᠩ ᠯᠢᠩ᠂ ᠵᠢᠩ ᠵᠢᠶᠠ ᠱᠦᠸᠠᠩ ᠯᠢᠩ • ᠭᠧ | ᠵᠢᠶᠦ᠋ᠨ ᠴᠢᠩ᠂ ᠫᠢᠷᠤᠮᠤᠯ ᠡᠲ᠋ᠧᠷ ᠵᠡᠷᠭᠡ ᠡᠮ ᠢ ᠰᠤᠩᠭᠤᠨ ᠤᠰᠤ ᠨᠡᠮᠡᠵᠦ ᠰᠢᠩᠭᠡᠷᠡᠭᠦᠯᠦᠭᠰᠡᠨ ᠤ ᠳᠠᠷᠠᠭ᠎ᠠ | ᠬᠥᠷᠥᠰᠥᠨ ᠤ ᠨᠦᠬᠡᠨ ᠳᠤ ᠣᠷᠤᠭᠤᠯᠵᠤ ᠰᠡᠷᠭᠡᠶᠢᠯᠡᠨ ᠵᠠᠰᠠᠵᠤ ᠪᠣᠯᠣᠨ᠎ᠠ᠃ ᠪᠠᠰᠠ ᠵᠢᠶᠠ ᠱᠦᠸᠠᠩ · ᠡᠸ᠋ ᠮᠸᠢ | ᠯᠢᠩ ᠢ ᠰᠢᠩᠭᠡᠷᠡᠭᠦᠯᠦᠭᠰᠡᠨ ᠤ ᠳᠠᠷᠠᠭ᠎ᠠ ᠰᠦᠷᠴᠢᠬᠦ ᠪᠤᠶᠤ ᠤᠰᠤᠯᠠᠵᠤ᠂ ᠰᠦᠷᠴᠢᠬᠦ ᠳᠤ ᠠᠯᠢ ᠴᠢᠳᠠᠬᠤ ᠪᠠᠷ ᠡᠮ ᠤᠨ | ᠰᠢᠩᠭᠡᠨ ᠢ ᠡᠰᠢ ᠶᠢᠨ ᠰᠠᠭᠤᠷᠢ ᠬᠡᠰᠡᠭ ᠲᠤ ᠣᠷᠤᠭᠤᠯᠵᠤ᠂ 7-10 ᠡᠳᠦᠷ ᠪᠦᠷᠢ ᠳᠤ ᠨᠢᠭᠡ ᠤᠳᠠᠭ᠎ᠠ | ᠣᠷᠤᠭᠤᠯᠵᠤ᠂ ᠦᠷᠭᠦᠯᠵᠢᠯᠡᠨ 2-3 ᠤᠳᠠᠭ᠎ᠠ ᠰᠡᠷᠭᠡᠶᠢᠯᠡᠨ ᠵᠠᠰᠠᠬᠤ ᠬᠡᠷᠡᠭᠲᠡᠢ ︵ᠦᠨᠳᠦᠰᠦ ᠢᠯᠵᠠᠷᠠᠬᠤ | ᠡᠪᠡᠳᠴᠢᠨ ᠨᠢ ᠦᠨᠳᠦᠰᠦ ᠶᠢᠨ ᠬᠡᠰᠡᠭ ᠲᠤ ᠡᠭᠦᠰᠳᠡᠭ ᠪᠣᠯᠬᠤᠷ ᠠᠯᠢ ᠵᠣᠷ ᠢ ᠰᠣᠩᠭᠤᠭᠰᠠᠨ ᠴᠤ ᠴᠥᠮ ᠡᠮ | ᠤᠰᠤᠨ ᠤ ᠬᠡᠮᠵᠢᠶ᠎ᠡ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ︶᠃ |