ᠠᠮᠢᠲᠠᠨ ᠵᠢᠴᠢ ᠠᠮᠢᠲᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠬᠤ ᠶᠠᠪᠤᠴᠠ
ᠨᠡᠶᠢᠲᠡᠯᠡᠭᠰᠡᠨ ᠴᠠᠭ᠄
2024/8/27
      1. ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ 531 ᠳ᠋ᠦ᠋ᠭᠡᠷ ᠲᠣᠭᠠᠲᠤ ᠠᠯᠪᠠᠨ ᠵᠠᠷ ᠤᠨ ᠱᠠᠭᠠᠷᠳᠠᠯᠭ᠎ᠠ  ᠶᠣᠰᠣᠭᠠᠷ᠂ GPS ᠤᠭᠰᠠᠷᠠᠬᠤ ᠬᠡᠷᠡᠭᠲᠡᠢ᠃ ᠲᠡᠷᠭᠡ ᠬᠥᠰᠬᠡ ᠶᠢᠨ ᠪᠠᠶᠢᠷᠢ ᠲᠣᠭᠲᠠᠭᠠᠯᠲᠠ ᠶᠢ ᠮᠦ ᠶᠦᠨ ᠲᠦᠩ  ᠲᠠᠪᠴᠠᠩ ᠳᠤ ᠵᠠᠯᠭᠠᠨ ᠣᠷᠣᠭᠤᠯᠬᠤ ᠳᠤ ᠡᠷᠬᠡᠪᠰᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠶᠠᠮᠤᠨ ᠤ  ᠪᠠᠷᠢᠮᠵᠢᠶ᠎ᠠ ᠶᠢᠨ ᠵᠥᠪᠯᠡᠯᠴᠡᠭᠡᠷ ᠲᠤ ᠨᠡᠶᠢᠴᠡᠬᠦ GPS ᠲᠥᠬᠦᠭᠡᠷᠦᠮᠵᠢ ᠶᠢ ᠤᠭᠰᠠᠷᠠᠵᠤ᠂ ᠲᠥᠬᠦᠭᠡᠷᠦᠮᠵᠢ ᠶᠢ  ᠬᠤᠳᠠᠯᠳᠤᠨ ᠠᠪᠬᠤ ᠠᠴᠠ ᠪᠠᠨ ᠡᠮᠦᠨ᠎ᠡ ᠪᠣᠷᠣᠯᠠᠭᠤᠯᠬᠤ ᠨᠢᠭᠡᠴᠡ ᠯᠦᠭᠡ ᠲᠣᠳᠣᠷᠬᠠᠢ ᠨᠡᠪᠲᠡᠷᠡᠯᠴᠡᠭᠡᠷᠡᠢ᠃            2. ︽ᠮᠦ ᠶᠦᠨ ᠲᠦᠩ ᠲᠠᠪᠴᠠᠩ︾ ᠳᠤ ᠭᠠᠷᠤᠨ᠎ᠠ᠃ GPS ᠤᠭᠰᠠᠷᠠᠨ ᠬᠡᠪ ᠤᠨ ᠪᠠᠶᠢᠳᠠᠯ ᠢᠶᠠᠷ  ᠬᠡᠷᠡᠭᠯᠡᠭᠰᠡᠨ ᠤ ᠳᠠᠷᠠᠭ᠎ᠠ᠂ ᠲᠡᠷᠭᠡᠨ ᠤ ᠡᠵᠡᠨ ᠤ ᠲᠣᠰ ᠬᠥᠮᠥᠨ ᠤ ᠭᠠᠷ ᠤᠲᠠᠰᠤᠨ ᠤ ᠸᠢᠴᠠᠲ ᠤᠨ ᠬᠠᠶᠢᠯᠲᠠ ᠨᠢ ︽  ᠮᠦ ᠶᠦᠨ ᠲᠦᠩ︾ ᠵᠢᠵᠢᠭ ᠫᠷᠣᠭ᠍ᠷᠠᠮ ᠳᠤ ᠣᠷᠣᠵᠤ᠂ ᠮᠠᠯ ᠵᠢᠭᠦᠷᠲᠡᠨ ᠤ ᠲᠡᠭᠡᠭᠡᠪᠦᠷᠢ ᠶᠢᠨ ᠬᠠᠮᠢᠶᠠᠷᠤᠯᠲᠠ ᠶᠢ  ᠲᠣᠪᠴᠢᠳᠠᠨ᠂ ᠲᠡᠷᠭᠡᠨ ᠤ ᠡᠵᠡᠨ ᠭᠠᠷ ᠤᠲᠠᠰᠤᠨ ᠤ ᠨᠣᠮᠧᠷ ᠢᠶᠠᠷ ᠳᠠᠩᠰᠠᠯᠠᠭᠤᠯᠤᠨ ᠲᠡᠮᠳᠡᠭᠯᠡᠵᠦ᠂ ᠣᠪᠣᠭ ᠨᠡᠷ᠎ᠡ᠂  ᠳ᠋ᠢᠶᠠᠩᠬᠤᠸᠠ᠂ ᠪᠡᠶ᠎ᠡ ᠶᠢᠨ ᠦᠨᠡᠮᠯᠡᠯ ᠤᠨ ᠨᠣᠮᠧᠷ᠂ ᠴᠢᠨᠠᠷ ᠤᠨ ᠢᠯᠭᠠᠯ ᠵᠡᠷᠭᠡ ᠲᠡᠷᠭᠡᠨ ᠤ ᠡᠵᠡᠨ ᠤ ᠮᠡᠳᠡᠭᠡ  ᠵᠠᠩᠭᠢ ᠶᠢ ᠲᠡᠭᠦᠯᠳᠡᠷᠵᠢᠭᠦᠯᠵᠦ᠂ ᠲᠠᠪᠴᠠᠩ ᠳᠤ ᠭᠠᠷᠬᠤ ᠨᠢᠭᠤᠴᠠ ᠨᠣᠮᠧᠷ ᠲᠣᠬᠢᠷᠠᠭᠤᠯᠤᠨ᠎ᠠ᠃ ᠳᠠᠩᠰᠠᠯᠠᠭᠤᠯᠵᠤ  ᠪᠠᠷᠠᠭᠰᠠᠨ ᠤ ᠳᠠᠷᠠᠭ᠎ᠠ ᠲᠠᠪᠴᠠᠩ ᠳᠤ ᠭᠠᠷᠬᠤ ᠨᠤᠮᠧᠷ ᠨᠢ ᠳᠠᠷᠤᠢ ᠳᠠᠩᠰᠠᠯᠠᠭᠤᠯᠤᠭᠰᠠᠨ ᠭᠠᠷ ᠤᠲᠠᠰᠤᠨ ᠤ ᠨᠣᠮᠧᠷ  ᠪᠣᠯᠣᠨ᠎ᠠ᠃            3. ᠳᠠᠩᠰᠠᠯᠠᠭᠤᠯᠬᠤ ᠭᠤᠶᠤᠴᠢᠯᠠᠯ᠃ ᠳᠠᠩᠰᠠᠯᠠᠭᠤᠯᠤᠭᠰᠠᠨ ᠤ ᠳᠠᠷᠠᠭ᠎ᠠ᠂ ᠲᠠᠪᠴᠠᠩ ᠳᠤ ᠭᠠᠷᠬᠤ  ᠨᠢᠭᠤᠷ ᠲᠤ ᠪᠤᠴᠠᠵᠤ᠂ ᠲᠠᠩᠰᠠᠨ ᠨᠣᠮᠧᠷ ᠢᠶᠠᠨ ᠣᠷᠣᠭᠤᠯᠵᠤ᠂ ᠨᠢᠭᠤᠴᠠ ᠨᠣᠮᠧᠷ ᠤᠨ ᠲᠡᠮᠳᠡᠭᠯᠡᠬᠦ ᠰᠢᠰᠲ᠋ᠧᠮ ᠢ  ᠴᠢᠳᠠᠮᠵᠢ ᠶᠢᠨ ᠨᠢᠭᠤᠷ ᠲᠤ ᠣᠷᠣᠭᠤᠯᠤᠨ᠎ᠠ᠃ ᠲᠣᠰ ᠨᠢᠭᠤᠷ ᠤᠨ ᠴᠢᠳᠠᠮᠵᠢ ᠶᠢᠨ ᠣᠷᠣᠬᠤ ᠡᠭᠦᠳᠡᠨ ᠳᠤ᠄ ︽  ᠳᠠᠩᠰᠠᠯᠠᠭᠤᠯᠬᠤ ᠭᠤᠶᠤᠴᠢᠯᠠᠯ︾᠂ ︽ᠲᠡᠷᠭᠡ ᠬᠥᠰᠬᠡ ᠶᠢᠨ ᠬᠠᠮᠢᠶᠠᠷᠤᠯᠲᠠ︾᠂ ︽  ᠲᠡᠭᠡᠭᠡᠪᠦᠷᠢ  ᠶᠢᠨ  ᠡᠬᠡ   ᠲᠠᠩᠰᠠ︾ ᠵᠡᠷᠭᠡ ᠪᠣᠶ᠃ ᠲᠠᠪᠴᠠᠩ ᠳᠤ ᠭᠠᠷᠤᠭᠰᠠᠨ ᠤ ᠳᠠᠷᠠᠭ᠎ᠠ ︽ᠳᠠᠩᠰᠠᠯᠠᠭᠤᠯᠬᠤ ᠭᠤᠶᠤᠴᠢᠯᠠᠯ︾ ᠤᠨ  ᠲᠣᠪᠴᠢ ᠶᠢ ᠳᠠᠷᠤᠵᠤ᠂ ᠲᠡᠷᠭᠡ ᠬᠥᠰᠬᠡ ᠶᠢᠨ ᠳᠠᠩᠰᠠᠯᠠᠭᠤᠯᠬᠤ ᠨᠢᠭᠤᠷ ᠲᠤ ᠣᠷᠣᠨ᠎ᠠ᠃            4. ᠮᠠᠲ᠋ᠧᠷᠢᠶᠠᠯ ᠢᠶᠠᠨ ᠲᠠᠭᠯᠠᠨ ᠪᠢᠴᠢᠨ᠎ᠡ᠃ ᠳᠠᠩᠰᠠᠯᠠᠭᠤᠯᠬᠤ ᠪᠠᠷ ᠭᠤᠶᠤᠴᠢᠯᠠᠬᠤ ᠨᠢᠭᠤᠷ ᠲᠤ ᠣᠷᠣᠵᠤ᠂  ᠳᠠᠩᠰᠠᠯᠠᠭᠤᠯᠬᠤ ᠴᠢᠬᠤᠯᠠᠲᠠᠢ ᠲᠣᠭᠤᠷᠢᠭ ᠰᠢᠶᠠᠨ ᠢ ᠰᠣᠩᠭᠤᠵᠤ᠂ ᠱᠠᠭᠠᠷᠳᠠᠯᠭ᠎ᠠ ᠶᠣᠰᠣᠭᠠᠷ ᠬᠤᠪᠢ ᠬᠥᠮᠥᠨ ᠤ  ᠮᠡᠳᠡᠭᠡ ᠵᠠᠩᠭᠢ᠂ ᠲᠡᠷᠭᠡ ᠬᠥᠰᠬᠡ ᠶᠢᠨ ᠮᠡᠳᠡᠭᠡ ᠵᠠᠩᠭᠢ ᠵᠡᠷᠭᠡ ᠶᠢ ᠲᠠᠭᠯᠠᠵᠤ᠂ GPS ᠲᠥᠬᠦᠭᠡᠷᠦᠮᠵᠢ ᠶᠢ  ᠲᠣᠬᠢᠷᠠᠭᠤᠯᠤᠭᠰᠠᠨ ᠤ ᠳᠠᠷᠠᠭ᠎ᠠ᠂ ᠲᠥᠬᠦᠭᠡᠷᠦᠮᠵᠢ ᠶᠢᠨ ᠳ᠋ᠤᠭᠠᠷᠯᠠᠯ ︵ᠲᠥᠬᠦᠭᠡᠷᠦᠮᠵᠢ ᠶᠢᠨ ᠳ᠋ᠤᠭᠠᠷᠯᠠᠯ 11 —  15 ᠣᠷᠣᠨ︶ ᠢ ᠣᠷᠣᠭᠤᠯᠬᠤ ᠶᠢᠨ ᠬᠠᠮᠲᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠬᠦᠭᠡᠷᠦᠮᠵᠢ ᠶᠢᠨ  ᠬᠡᠪ ᠤᠨ ᠪᠠᠶᠢᠬᠤ ᠡᠰᠡᠬᠦ ᠶᠢ ᠲᠣᠪᠴᠢᠳᠠᠨ᠎ᠠ᠃ ᠲᠠᠭᠯᠠᠭᠰᠠᠨ ᠮᠡᠳᠡᠭᠡ ᠵᠠᠩᠭᠢ ᠨᠢ ᠡᠷᠬᠡᠪᠰᠢ ᠦᠨᠡᠨ ᠪᠣᠳᠠᠲᠠᠢ ᠪᠥᠭᠡᠳ  ᠬᠦᠴᠦᠨ ᠲᠠᠢ ᠪᠠᠶᠢᠵᠤ᠂ ᠪᠣᠳᠠᠲᠤ ᠪᠠᠶᠢᠳᠠᠯ ᠲᠠᠢ ᠨᠡᠶᠢᠴᠡᠭᠰᠡᠨ ᠪᠠᠶᠢᠬᠤ ᠬᠡᠷᠡᠭᠲᠡᠢ᠂ ᠡᠮᠦᠨ᠎ᠡ ᠲᠠᠯ᠎ᠠ ᠳᠤ ︽*︾  ᠭᠡᠵᠦ ᠲᠡᠮᠳᠡᠭᠯᠡᠭᠰᠡᠨ ᠢ ᠵᠠᠪᠠᠯ ᠲᠠᠭᠯᠠᠬᠤ ᠵᠦᠢᠯ ᠪᠣᠯᠣᠨ᠎ᠠ᠂ ᠲᠠᠭᠯᠠᠵᠤ ᠪᠢᠴᠢᠬᠦ ᠦᠭᠡᠢ ᠪᠣᠯ ᠲᠤᠰᠢᠶᠠᠬᠤ ᠶᠢᠨ ᠠᠷᠭ᠎ᠠ  ᠦᠭᠡᠢ᠃ ᠦᠨᠡᠮᠯᠡᠯ ᠤᠨ ᠲᠥᠷᠥᠯ ᠬᠡᠯᠪᠡᠷᠢ ᠨᠢ ᠨᠢᠭᠡᠴᠡ ᠪᠣᠯ ᠨᠢᠭᠡᠴᠡ ᠶᠢ ᠰᠣᠩᠭᠤᠵᠤ᠂ ᠨᠢᠭᠡᠴᠡ ᠶᠢ  ᠳᠠᠩᠰᠠᠯᠠᠭᠤᠯᠬᠤ ᠳᠤ ᠡᠵᠡᠩᠨᠡᠯᠲᠡ ᠶᠢᠨ ᠦᠨᠡᠮᠯᠡᠯ ᠤᠨ ᠳ᠋ᠤᠭᠠᠷ ᠢ ᠲᠠᠭᠯᠠᠨ ᠪᠢᠴᠢᠬᠦ ᠬᠡᠷᠡᠭᠲᠡᠢ᠃            5. ᠬᠢᠨᠠᠨ ᠬᠠᠷᠭᠤᠭᠤᠯᠬᠤ᠃ ᠭᠤᠶᠤᠴᠢᠯᠠᠵᠤ ᠳᠠᠭᠤᠰᠤᠭᠰᠠᠨ ᠤ ᠳᠠᠷᠠᠭ᠎ᠠ ᠲᠤᠬᠠᠢ ᠶᠢᠨ ᠭᠠᠵᠠᠷ ᠤᠨ  ᠠᠮᠢᠲᠠᠨ ᠤ ᠬᠢᠵᠢᠭ ᠢ ᠪᠠᠶᠢᠴᠠᠭᠠᠬᠤ ᠪᠠᠶᠢᠭᠤᠯᠤᠮᠵᠢ ︵ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ  ᠲᠥᠪ︶ ᠶᠢᠨ ᠬᠠᠷᠢᠭᠤᠴᠠᠯᠭᠠᠲᠠᠨ ᠲᠠᠢ ᠬᠠᠷᠢᠯᠴᠠᠵᠤ ᠬᠢᠨᠠᠨ ᠬᠠᠷᠭᠤᠭᠤᠯᠤᠨ᠎ᠠ᠂ ᠬᠡᠷᠪᠡ ᠬᠢᠨᠠᠨ ᠬᠠᠷᠭᠤᠭᠤᠯᠤᠭᠠᠳ  ᠬᠢᠷᠢ ᠲᠡᠩᠴᠡᠭᠰᠡᠨ ᠦᠭᠡᠢ ᠪᠠᠶᠢᠪᠠᠯ᠂ ᠲᠡᠷᠭᠡ ᠬᠥᠰᠬᠡ ᠶᠢᠨ ᠬᠠᠮᠢᠶᠠᠷᠤᠯᠲᠠ ᠶᠢᠨ ᠬᠡᠰᠡᠭ ᠤᠨ ᠪᠤᠴᠠᠭᠠᠬᠤ ᠭᠠᠵᠠᠷ ᠲᠤ  ᠲᠡᠷᠭᠡ ᠬᠥᠰᠬᠡ ᠶᠢᠨ ᠨᠠᠷᠢᠨ ᠪᠠᠶᠢᠳᠠᠯ ᠢ ᠨᠡᠭᠡᠭᠡᠵᠦ᠂ ᠪᠠᠷᠠᠭᠤᠨ ᠳᠡᠭᠡᠷ᠎ᠡ ᠥᠨᠴᠥᠭ ᠤᠨ ︽ᠠᠵᠢᠯᠯᠠᠭᠤᠯᠬᠤ︾  ᠲᠣᠪᠴᠢ ᠶᠢ ᠳᠠᠷᠤᠵᠤ ᠲᠡᠷᠭᠡ ᠬᠥᠰᠬᠡ ᠶᠢᠨ ᠮᠡᠳᠡᠭᠡ ᠵᠠᠩᠭᠢ ᠶᠢ ᠵᠠᠰᠠᠵᠤ ᠳᠠᠬᠢᠨ ᠲᠤᠰᠢᠶᠠᠨ᠎ᠠ᠃  ᠳᠠᠩᠰᠠᠯᠠᠭᠤᠯᠤᠭᠰᠠᠨ ᠮᠠᠯ ᠵᠢᠭᠦᠷᠲᠡᠨ ᠤ ᠲᠡᠭᠡᠭᠡᠪᠦᠷᠢ ᠶᠢᠨ ᠲᠡᠷᠭᠡ ᠶᠢᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ  ᠪᠠᠶᠢᠵᠤ᠂ ᠬᠤᠭᠤᠴᠠᠭ᠎ᠠ ᠲᠤᠯᠬᠤ ᠠᠴᠠ ᠡᠮᠦᠨ᠎ᠡ ᠲᠡᠷᠭᠡᠨ ᠤ ᠡᠵᠡᠨ ᠴᠠᠭ ᠲᠤᠬᠠᠢ ᠳᠤᠨᠢ ᠬᠤᠭᠤᠴᠠᠭ᠎ᠠ ᠶᠢ ᠨᠢ  ᠤᠷᠲᠤᠳᠬᠠᠭᠠᠷᠠᠢ᠃            6. ᠡᠯᠧᠺᠲᠷᠣᠨ ᠢᠶᠠᠷ ᠳᠠᠩᠰᠠᠯᠠᠭᠤᠯᠬᠤ ᠬᠦᠰᠦᠨᠦᠭᠲᠦ᠃ ᠳᠠᠩᠰᠠᠯᠠᠭᠤᠯᠤᠭᠰᠠᠨ ᠮᠡᠳᠡᠭᠡ ᠵᠠᠩᠭᠢ ᠶᠢ  ᠲᠤᠰᠢᠶᠠᠭᠰᠠᠨ ᠤ ᠳᠠᠷᠠᠭ᠎ᠠ᠂ ᠳᠠᠩᠰᠠᠯᠠᠭᠤᠯᠤᠭᠴᠢ ᠲᠡᠷᠭᠡ ᠬᠥᠰᠬᠡ ᠶᠢᠨ ᠬᠠᠮᠢᠶᠠᠷᠤᠯᠲᠠ ᠶᠢᠨ ᠳᠤᠮᠳᠠ  ᠳᠠᠩᠰᠠᠯᠠᠭᠤᠯᠵᠤ ᠬᠢᠨᠠᠨ ᠬᠠᠷᠭᠤᠭᠤᠯᠤᠭᠰᠠᠨ ᠠᠬᠢᠴᠠ ᠶᠢ ᠪᠠᠶᠢᠴᠠᠭᠠᠨ ᠦᠵᠡᠵᠦ᠂ ᠬᠡᠷᠪᠡ ᠬᠢᠨᠠᠨ  ᠬᠠᠷᠭᠤᠭᠤᠯᠤᠭᠰᠠᠨ ᠤ ᠳᠠᠷᠠᠭ᠎ᠠ ᠳᠠᠩᠰᠠᠯᠠᠭᠤᠯᠤᠭᠰᠠᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ ᠴᠢᠬᠤᠯᠠᠲᠠᠢ ᠪᠣᠯ  ᠬᠢᠨᠠᠨ ᠬᠠᠷᠭᠤᠭᠤᠯᠤᠭᠴᠢ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠶ᠋ᠢ ᠵᠠᠰᠠᠪᠤᠷᠢ ᠣᠷᠣᠭᠤᠯᠵᠤ ᠪᠣᠯᠣᠨ᠎ᠠ᠃ ᠬᠢᠨᠠᠨ  ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠲᠡᠷᠭᠡᠨ ᠤ ᠡᠵᠡᠨ ᠲᠠᠪᠴᠠᠩ ᠳᠡᠭᠡᠷ᠎ᠡ ᠠᠴᠠ ᠥᠪᠡᠷ ᠤᠨ  ᠲᠡᠷᠭᠡᠨ ᠤ ᠪᠠᠨ ᠳᠠᠩᠰᠠᠯᠠᠯᠲᠠ ᠶᠢᠨ ᠡᠯᠧᠺᠲᠷᠣᠨ ᠬᠦᠰᠦᠨᠦᠭᠲᠦ ᠶᠢ ᠡᠷᠢᠵᠦ ᠣᠯᠵᠤ ᠪᠣᠯᠣᠨ᠎ᠠ᠃            7. ᠠᠶᠠᠯᠠᠯ ᠤᠨ ᠶᠠᠪᠤᠴᠠ ᠶᠢᠨ ᠲᠡᠮᠳᠡᠭᠯᠡᠯ ᠪᠠ ᠤᠬᠢᠶᠠᠵᠤ ᠠᠷᠢᠭᠤᠳᠬᠠᠭᠰᠠᠨ ᠲᠡᠮᠳᠡᠭᠯᠡᠯ᠃  ᠲᠡᠭᠡᠭᠡᠪᠦᠷᠢ ᠶᠢᠨ ᠲᠡᠷᠭᠡᠨ ᠤ ᠡᠵᠡᠨ ᠲᠡᠭᠡᠭᠡᠪᠦᠷᠢᠯᠡᠬᠦ ᠶᠠᠪᠤᠴᠠ ᠳᠠᠭᠠᠨ ᠲᠡᠭᠡᠭᠡᠪᠦᠷᠢ ᠶᠢᠨ ᠡᠬᠡ ᠲᠡᠩᠰᠠ ᠪᠠᠶᠢᠭᠤᠯᠬᠤ  ᠬᠡᠷᠡᠭᠲᠡᠢ᠃ ᠲᠡᠭᠡᠭᠡᠪᠦᠷᠢ ᠶᠢᠨ ᠲᠡᠷᠭᠡᠨ ᠤ ᠡᠵᠡᠨ ᠨᠢ ᠠᠶᠠᠨ ᠵᠠᠮ ᠡᠬᠢᠯᠡᠬᠦ ᠦᠶ᠎ᠡ ᠳᠤ ᠲᠠᠪᠴᠠᠩ ᠳᠡᠭᠡᠷᠡᠬᠢ ︽ᠠᠶᠠᠨ  ᠵᠠᠮ ᠤᠨ ᠳᠠᠩᠰᠠᠯᠠᠯᠲᠠ︾ ᠵᠢᠴᠢ ︽ᠤᠬᠢᠶᠠᠵᠤ ᠠᠷᠢᠯᠭᠠᠬᠤ ᠳᠠᠩᠰᠠᠯᠠᠯᠲᠠ︾ ᠶᠢ ᠬᠢᠬᠦ ᠬᠡᠷᠡᠭᠲᠡᠢ᠃ ᠲᠡᠭᠡᠭᠡᠪᠦᠷᠢᠯᠡᠵᠦ  ᠡᠬᠢᠯᠡᠭᠰᠡᠨ ᠤ ᠳᠠᠷᠠᠭ᠎ᠠ ︽ᠠᠶᠠᠯᠠᠯ ᠤᠨ ᠳᠠᠩᠰᠠᠯᠠᠯᠲᠠ︾ ᠪᠠ ︽ᠤᠬᠢᠶᠠᠵᠤ ᠠᠷᠢᠯᠭᠠᠬᠤ ᠳᠠᠩᠰᠠᠯᠠᠯᠲᠠ︾ ᠶᠢᠨ  ᠲᠣᠪᠴᠢ ᠶᠢ ᠳᠠᠷᠤᠵᠤ ᠬᠠᠭᠤᠳᠠᠰᠤᠨ ᠳᠤ ᠣᠷᠣᠭᠤᠯᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠠᠶᠠᠯᠠᠯ ᠤᠨ  ᠬᠠᠮᠢᠶ᠎ᠠ ᠪᠦᠬᠦᠢ ᠮᠡᠳᠡᠭᠡ ᠵᠠᠩᠭᠢ ᠶᠢ ᠪᠢᠴᠢᠵᠦ ᠣᠷᠣᠭᠤᠯᠤᠨ᠂ ᠬᠢᠵᠢᠭ ᠪᠠᠶᠢᠴᠠᠭᠠᠬᠤ ᠭᠠᠵᠠᠷ ᠣᠷᠣᠨ ᠪᠠ ᠬᠦᠷᠬᠦ  ᠭᠠᠵᠠᠷ ᠢ ᠰᠣᠩᠭᠤᠨ᠎ᠠ᠃ ᠠᠷᠢᠭᠤᠳᠬᠠᠭᠰᠠᠨ ᠲᠡᠮᠳᠡᠭᠯᠡᠯ ᠢ ᠲᠠᠭᠯᠠᠵᠤ᠂ ᠱᠠᠭᠠᠷᠳᠠᠯᠭ᠎ᠠ ᠶᠣᠰᠣᠭᠠᠷ ᠲᠣᠪᠴᠢᠳᠠᠨ  ᠳᠠᠷᠤᠵᠤ ᠲᠤᠰᠢᠶᠠᠪᠠᠯ ᠪᠣᠯᠴᠢᠬᠠᠨ᠎ᠠ᠃  
 
ᠢᠷᠡᠯᠲᠡ᠄ ᠦᠪᠦᠷ ᠮᠣᠩᠭᠤᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号