ᠴᠡᠷᠢᠭ ᠲᠤ ᠣᠷᠤᠪᠠᠯ ᠢᠷᠠᠭᠤ ᠠᠯᠳᠠᠷᠲᠠᠢ - ᠳᠠᠷᠬᠠᠨ ᠰᠤᠮᠤ ᠶᠢᠨ ᠵᠡᠪᠰᠡᠭᠲᠦ ᠬᠦᠴᠦᠨ ᠤ ᠬᠡᠯᠲᠡᠰ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/28
      2024 ᠣᠨ ᠤ ᠨᠠᠮᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠬᠠᠷᠢᠶᠠᠲᠤ ᠣᠷᠣᠨ ᠤ ᠳᠣᠲᠣᠷᠠᠬᠢ ᠲᠤᠬᠢᠷᠠᠮᠵᠢᠳᠠᠢ ᠨᠠᠰᠤᠨ ᠤ ᠵᠠᠯᠠᠭᠤᠴᠤᠳ ᠲᠤ ᠴᠡᠷᠢᠭ ᠡᠯᠰᠡᠬᠦ ᠮᠡᠳᠡᠭᠡ ᠵᠠᠩᠭᠢ ᠪᠠ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠣᠶᠢᠯᠠᠭᠠᠭᠤᠯᠵᠤ᠂ ᠥᠷᠭᠡᠨ ᠣᠯᠠᠨ ᠲᠤᠬᠢᠷᠠᠮᠵᠢᠳᠠᠢ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ  ᠶᠢ ᠣᠶᠢᠯᠠᠭᠠᠬᠤ ᠨᠣᠷᠮ᠎ᠠ ᠪᠠ ᠢᠳᠡᠪᠬᠢᠵᠢᠯ ᠢ ᠦᠨᠡᠨ ᠬᠦ ᠳᠡᠭᠡᠭᠰᠢᠯᠡᠭᠦᠯᠵᠦ᠂ ᠥᠷᠭᠡᠨ ᠣᠯᠠᠨ ᠵᠠᠯᠠᠭᠤᠴᠤᠳ ᠲᠤ ᠤᠯᠤᠰ ᠤᠨ ᠤᠷᠢᠶᠠᠯᠠᠭ᠎ᠠ ᠶᠢ ᠳᠠᠭᠠᠵᠤ᠂ ᠴᠡᠷᠢᠭ ᠲᠤ ᠣᠷᠣᠬᠤ ᠪᠠᠷ ᠢᠳᠡᠪᠬᠢᠲᠡᠶ ᠨᠡᠷ᠎ᠡ ᠮᠡᠳᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠠᠮᠢ ᠪᠡᠶ᠎ᠡ ᠪᠠᠨ ᠵᠣᠷᠢᠭᠤᠯᠬᠤ ᠶᠢ ᠵᠣᠷᠢᠭᠵᠢᠭᠤᠯᠬᠤ ᠶᠢᠨ ᠲᠥᠯᠥᠭᠡ᠂ 26 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠰᠤᠮᠤ ᠶᠢᠨ ᠵᠡᠪᠰᠡᠭᠲᠦ ᠬᠦᠴᠦᠨ ᠤ ᠬᠡᠯᠲᠡᠰ ᠬᠠᠷᠢᠶ᠎ᠠ ᠣᠷᠣᠨ ᠳᠠᠭᠠᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠮᠠᠨ ᠤ ᠰᠤᠮᠤ ᠲᠡᠭᠡᠳᠦ ᠬᠡᠮᠵᠢᠶ᠎ᠡ ᠪᠠᠷ ᠬᠦᠨᠳᠦᠳᠭᠡᠨ ᠦᠵᠡᠵᠦ᠂ ᠳᠡᠭᠡᠳᠦ ᠱᠠᠲᠤᠨ ᠤ ᠴᠡᠷᠢᠭ ᠡᠯᠰᠡᠬᠦ ᠠᠵᠢᠯ ᠤᠨ ᠲᠤᠬᠠᠶ ᠵᠢᠭᠠᠪᠤᠷᠢ ᠱᠠᠭᠠᠷᠳᠠᠯᠭ᠎ᠠ ᠶᠢ ᠴᠠᠭ ᠲᠤᠬᠠᠶ ᠳᠤᠨᠢ ᠤᠯᠠᠮᠵᠢᠯᠠᠵᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠴᠡᠷᠢᠭ ᠡᠯᠰᠡᠬᠦ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠣᠯᠠᠨ ᠤᠳᠠᠭ᠎ᠠ᠂ ᠣᠯᠠᠨ ᠠᠷᠭ᠎ᠠ ᠵᠠᠮ᠂ ᠣᠯᠠᠨ ᠵᠦᠢᠯ ᠤᠨ ᠬᠡᠯᠪᠡᠷᠢ ᠪᠠᠷ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠵᠢᠯ ᠤᠨ ᠬᠠᠷᠢᠭᠤᠴᠠᠯᠭ᠎ᠠ ᠶᠢ  ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠪᠠ᠃    ᠰᠤᠮᠤᠨ ᠤ ᠵᠡᠪᠰᠡᠭᠲᠦ ᠬᠦᠴᠦᠨ ᠤ ᠬᠡᠯᠲᠡᠰ ᠨᠠᠭᠠᠳᠤᠮ ᠤᠨ ᠬᠤᠭᠤᠴᠠᠭᠠᠨ ᠳᠤ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠣᠷᠣᠨ ᠳᠤ ᠴᠡᠷᠢᠭ ᠡᠯᠰᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠢᠭᠤᠷᠳᠠᠨ ᠲᠠᠶᠢᠯᠪᠤᠷᠢᠯᠠᠬᠤ ᠶᠢᠨ ᠬᠠᠮᠲᠤ ᠴᠡᠷᠢᠭ ᠲᠤ ᠡᠯᠰᠡᠬᠦ ᠨᠡᠷ᠎ᠡ ᠮᠡᠳᠡᠭᠦᠯᠬᠦ ᠴᠠᠭ ᠤᠨ ᠬᠢᠵᠠᠭᠠᠷ᠂ ᠴᠡᠷᠢᠭ ᠲᠤ ᠡᠯᠰᠡᠬᠦ ᠨᠥᠬᠦᠴᠡᠯ ᠵᠢᠴᠢ ᠬᠡᠷ ᠪᠦᠯᠢ ᠶᠢᠨ ᠬᠢᠨ ᠳᠤ ᠨᠢ ᠦᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠶᠢ ᠲᠠᠨᠢᠯᠴᠠᠭᠤᠯᠵᠤ᠂ ᠨᠠᠷᠢᠯᠢᠭ ᠣᠨᠣᠴᠠᠲᠠᠢ ᠪᠠᠷ ᠦᠢᠯᠡᠴᠢᠯᠡᠵᠦ ᠵᠢᠯᠣᠭᠤᠳᠬᠤ ᠶᠢ ᠪᠡᠶᠡᠯᠡᠭᠦᠯᠪᠡ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠰᠢᠭᠯᠠᠨ ᠤᠬᠠᠭᠤᠯᠬᠤ ᠡᠷᠴᠢᠮ ᠢᠶᠠᠨ  ᠴᠢᠩᠭᠠᠷᠠᠭᠤᠯᠪᠠ᠃ ᠰᠦᠯᠵᠢᠶᠡᠨ ᠳᠡᠭᠡᠷ᠎ᠡ ᠸᠢᠴᠠᠲ ᠤᠨ ᠴᠤᠭᠯᠠᠷᠠᠯ᠂ ᠨᠠᠶᠢᠵᠠ ᠶᠢᠨ ᠲᠣᠭᠤᠷᠢᠭ ᠵᠡᠷᠭᠡ ᠠᠷᠭ᠎ᠠ ᠬᠡᠯᠪᠡᠷᠢ ᠪᠠᠷ ᠤᠬᠠᠭᠤᠯᠪᠠ︔ ᠰᠦᠯᠵᠢᠶᠡᠨ ᠭᠠᠳᠠᠨ᠎ᠠ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠮᠵᠢᠶ᠎ᠡ ᠪᠠᠷ ᠤᠬᠠᠭᠤᠯᠭ᠎ᠠ ᠬᠢᠵᠦ᠂ ᠴᠡᠷᠢᠭ ᠡᠯᠰᠡᠬᠦ ᠤᠬᠠᠭᠤᠯᠭ᠎ᠠ ᠶᠢ  ᠤᠷᠬᠢᠯ ᠳᠤ ᠨᠢ ᠬᠦᠷᠭᠡᠪᠡ᠃    ᠲᠠᠷᠠᠭᠠᠴᠢ ᠶᠢᠨ ᠠᠯᠬᠤᠮ ᠳᠤ᠂ ᠳᠠᠷᠬᠠᠨ ᠰᠤᠮᠤ ᠣᠯᠠᠨ ᠶᠠᠩᠵᠤ ᠬᠡᠯᠪᠡᠷᠢ ᠶᠢᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠳᠡᠪᠬᠢᠲᠡᠶ ᠪᠠᠷ ᠴᠡᠷᠢᠭ ᠲᠤ ᠣᠷᠣᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮᠤᠷ ᠤᠨ ᠤᠯᠠᠷᠢᠯ ᠤᠨ ᠴᠡᠷᠢᠭ ᠡᠯᠰᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号