︽ᠤᠳᠬ᠎ᠠ ᠤᠷᠠᠯᠢᠭ ᠤᠨ ︿ᠲᠠᠪᠴᠠᠩ﹀ ᠂ ᠤᠨᠤᠯ ᠤᠨ ︿ᠵᠦᠴᠦᠭᠡ﹀︾ ᠰᠢ ᠾᠧ ᠰᠢᠶᠠᠩ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠱᠠᠲᠤᠨ ᠳᠤ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/8/28
      ᠤᠢᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢ ᠾᠧ ᠰᠢᠶᠠᠩ ︽ᠠᠷᠠᠳ ᠲᠦᠮᠡᠨ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠲᠤᠷᠰᠢᠵᠤ᠂ ︽ᠤᠨᠤᠯ + ᠤᠳᠬ᠎ᠠ ᠤᠷᠠᠯᠢᠭ︾ ᠢ ᠤᠬᠠᠭᠤᠯᠤᠨ ᠲᠠᠶᠢᠯᠪᠤᠷᠢᠯᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠦᠭᠵᠢᠯᠳᠡ ᠶᠢᠨ ᠠᠭᠤᠯᠭ᠎ᠠ  ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠠᠷᠠᠳ ᠤᠯᠠᠨ ᠤ ᠰᠣᠨᠣᠰᠴᠤ ᠣᠶᠢᠯᠠᠭᠠᠬᠤ ︽ᠨᠤᠲᠤᠭ ᠤᠨ ᠦᠭᠡ︾᠂ ︽ᠶᠠᠷᠢᠶᠠᠨ ᠤ ᠬᠡᠯᠡ︾  ᠪᠠᠷ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠰᠣᠯᠢᠯᠴᠠᠭᠠᠨ ᠤ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠤᠯᠠᠨ ᠲᠦᠮᠡᠨ  ᠤ ᠰᠤᠨᠢᠷᠬᠠᠵᠤ ᠲᠡᠶᠢᠯᠬᠦ᠂ ᠰᠣᠨᠣᠰᠬᠤ ᠳᠤᠷᠠᠲᠠᠢ᠂ ᠰᠤᠷᠴᠤ ᠴᠢᠳᠠᠬᠤ᠂ ᠠᠰᠢᠭ ᠬᠦᠷᠲᠡᠭᠡᠬᠦ ᠶᠢ ᠠᠬᠢᠭᠤᠯᠪᠠ᠃      ᠤᠳᠬ᠎ᠠ ᠤᠷᠠᠯᠢᠭ ᠤᠨ ᠠᠪᠢᠶᠠᠰᠳᠠᠳ ᠠᠴᠠ ᠲᠦᠷᠦᠭᠦᠯᠡᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ︽ᠬᠦᠴᠦᠷᠬᠡᠭ︾  ᠪᠤᠯᠭᠠᠪᠠ᠃ ᠬᠠᠷᠢᠶᠠᠲᠤ ᠣᠷᠣᠨ ᠤ ᠤᠳᠬ᠎ᠠ ᠤᠷᠠᠯᠢᠭ ᠤᠨ ᠪᠦᠯᠬᠦᠮ᠂ ᠤᠳᠬ᠎ᠠ ᠤᠷᠠᠯᠢᠭ ᠤᠨ ᠭᠤᠣᠯᠯᠠᠭᠴᠢ ᠬᠦᠴᠦᠨ᠂ ᠤᠳᠬ᠎ᠠ ᠤᠷᠠᠯᠢᠭ ᠤᠨ ᠳᠤᠷ᠎ᠠ ᠪᠠᠭ᠋ᠠᠲᠠᠶ ᠬᠥᠮᠦᠰ ᠢ ᠭᠦᠢᠴᠡᠳ ᠠᠭᠤᠳᠠᠯᠵᠤ᠂  ᠨᠢᠭᠡ ᠪᠦᠯᠦᠭ ᠲᠠᠶᠢᠰᠠᠨ ᠳᠤ ᠭᠠᠷᠴᠤ ᠶᠠᠷᠢᠵᠤ ᠲᠤᠭᠯᠠᠵᠤ᠂ ᠬᠡᠯᠡᠵᠦ ᠲᠠᠭᠤᠯᠠᠵᠤ ᠴᠢᠳᠠᠬᠤ ᠤᠳᠬ᠎ᠠ ᠤᠷᠠᠯᠢᠭ ᠤᠨ ᠬᠦᠮᠦᠰ ᠢ ᠵᠤᠬᠢᠶᠠᠨ ᠪᠠᠶᠢᠭᠤᠯᠤᠨ᠂ ︽ᠤᠯᠠᠨ ᠲᠦᠮᠡᠨ ᠬᠠᠮᠢᠭ᠎ᠠ ᠪᠠᠶᠢᠪᠠᠯ᠂ ᠤᠬᠠᠭᠤᠯᠤᠨ ᠲᠠᠶᠢᠯᠪᠤᠷᠢᠯᠠᠬᠤ ᠡᠩᠨᠡᠭᠡ ᠲᠡᠨᠳᠡ ᠴᠤᠭᠯᠠᠷᠠᠬᠤ︾ ᠤᠳᠬ᠎ᠠ ᠤᠷᠠᠯᠢᠭ ᠤᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠵᠤ᠂ ᠪᠦᠬᠦ ᠰᠢᠶᠠᠩ ᠤᠨ ᠡᠯ᠎ᠡ ᠲᠣᠰᠬᠤᠨ ᠳᠤ ᠭᠦᠨᠵᠡᠭᠡᠶᠢᠷᠡᠨ ︽  ᠬᠡᠪ ᠵᠠᠩᠰᠢᠯ ᠢ ᠥᠭᠡᠷᠡᠴᠢᠯᠡᠨ ᠬᠥᠳᠡᠭᠡ ᠲᠣᠰᠬᠤᠨ ᠳᠤ ᠬᠦᠷᠭᠡᠬᠦ︾᠂ ︽ᠨᠠᠮ ᠤᠨ ᠳᠠᠭᠤᠨ ᠢ ᠲᠦᠮᠡᠨ ᠡᠷᠦᠬᠡ ᠳᠤ ᠬᠦᠷᠭᠡᠬᠦ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠦᠭᠡ ᠬᠡᠯᠡ ᠲᠦᠭᠦᠮ ᠣᠶᠢᠯᠠᠭᠠᠮᠵᠢᠲᠠᠢ ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠲᠣᠭᠯᠠᠯᠲᠠ ᠶᠢᠨ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠡᠷᠭᠡ ᠶᠢ ︽ᠲᠤᠭᠯᠠᠬᠤ︾᠂ ︽ᠶᠠᠷᠢᠬᠤ︾  ᠲᠠᠢ ᠤᠶᠠᠯᠳᠤᠭᠤᠯᠤᠭᠰᠠᠨ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠨᠢ ᠨᠠᠮ ᠤᠨ ᠰᠢᠨ᠎ᠡ  ᠶᠢ ᠡᠭᠦᠳᠬᠦ ᠤᠨᠤᠯ᠂ ᠰᠢᠯᠢᠳᠡᠭ ᠤᠯᠠᠮᠵᠢᠯᠠᠯᠲᠤ ᠰᠣᠶᠣᠯ ᠢ ᠠᠷᠠᠳ ᠤᠯᠠᠨ ᠳᠤ ᠬᠦᠷᠭᠡᠵᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠶᠢᠨ ᠲᠠᠲᠠᠬᠤ ᠬᠦᠴᠦᠨ ᠪᠣᠯᠤᠨ ᠨᠥᠯᠥᠭᠡᠯᠡᠬᠦ ᠬᠦᠴᠦᠨ ᠢ ᠦᠨᠡᠨᠬᠦ  ᠴᠢᠩᠭᠠᠳᠬᠠᠵᠤ ᠴᠢᠳᠠᠭᠰᠠᠨ ᠪᠠᠶᠢᠨ᠎ᠠ᠃     ᠴᠠᠭ ᠦᠶ᠎ᠡ ᠶᠢᠨ ᠦᠯᠢᠭᠡᠷ ᠢ  ᠰᠠᠶᠢᠳᠤᠷ ᠶᠠᠷᠢᠵᠤ᠂ ᠣᠨᠣᠯ ᠤᠨ ᠤᠬᠠᠭᠤᠯᠭ᠎ᠠ ᠶᠢᠨ ᠦᠷᠨᠢᠯᠳᠡ ᠶᠢ ᠪᠤᠢ ᠪᠤᠯᠭᠠᠪᠠ᠃ ᠡᠨᠡ ᠵᠢᠯ ᠠᠴᠠ ᠨᠠᠰᠢ᠂ ᠰᠢ ᠾᠧ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠳᠤ᠂ ᠭᠤᠤᠯ ᠬᠥᠭ ᠠᠶᠠᠰ ᠤᠨ ᠵᠤᠬᠢᠶᠠᠯ ᠪᠦᠲᠦᠭᠡᠯ ᠢ ᠵᠣᠬᠢᠶᠠᠨ  ᠪᠦᠳᠦᠭᠡᠬᠦ ᠶᠢ ᠴᠢᠩᠭᠠᠳᠬᠠᠬᠤ ᠪᠠᠷ ᠭᠤᠤᠯ ᠪᠣᠯᠭᠠᠵᠤ᠂ ᠵᠢᠵᠢᠭ ᠶᠠᠷᠢᠶᠠᠨ ᠤ ᠰᠡᠳᠦᠪ᠂ ᠵᠢᠵᠢᠭ ᠥᠯᠢᠭᠡᠷ᠂ ᠵᠢᠵᠢᠭ ᠬᠠᠷᠠᠭᠠᠰᠤ ᠪᠠᠷ ᠲᠠᠮᠵᠢᠵᠤ ᠤᠬᠠᠭᠤᠯᠤᠨ ᠲᠠᠶᠢᠯᠪᠤᠷᠢᠯᠠᠵᠤ᠂  ᠤᠳᠬ᠎ᠠ ᠤᠷᠠᠯᠢᠭ ‍ᠤᠨ‌ᠤᠬᠠᠭᠤᠯᠤᠨ ᠲᠠᠶᠢᠯᠪᠤᠷᠢᠯᠠᠬᠤ ᠠᠩᠭᠢ ᠶᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠬᠡᠪ ᠵᠠᠩᠰᠢᠯ ᠢ ᠥᠭᠡᠷᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠭᠤᠯᠭ᠎ᠠ ᠶᠢ ᠡᠳᠦᠷ ᠲᠤᠲᠤᠮ ᠤᠨ ᠤᠬᠠᠭᠤᠯᠤᠨ ᠲᠠᠶᠢᠯᠪᠤᠷᠢᠯᠠᠬᠤ ᠫᠷᠤᠭ᠍ᠷᠠᠮ ᠳᠤ ᠠᠭᠤᠰᠤᠯᠴᠠᠭᠤᠯᠵᠤ᠂ ︽ᠬᠡᠪ ᠵᠠᠩᠰᠢᠯ ᠢ ᠥᠭᠡᠷᠡᠴᠢᠯᠡᠵᠦ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠬᠡᠪ ᠵᠠᠩᠰᠢᠯ ᠢ ᠠᠷᠠᠳ ᠤᠨ ᠰᠡᠳᠬᠢᠯ ᠳᠤ ᠬᠠᠳᠠᠩᠰᠢᠭᠤᠯᠤᠶ᠎ᠠ︾ ᠭᠡᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠮᠠᠯᠴᠢᠨ ᠲᠠᠷᠢᠶᠠᠴᠢᠨ ᠤ ᠵᠣᠨ ᠤ ᠰᠡᠯᠡᠬᠦᠦ ᠤᠳᠬ᠎ᠠ ᠤᠷᠠᠯᠢᠭ ᠤᠨ ᠦᠳᠡᠰᠢᠯᠡᠭᠡ᠂ ᠨᠠᠮ ᠤᠨ ᠲᠠᠭᠤᠨ ᠢ ᠲᠦᠮᠡᠨ ᠡᠷᠦᠬᠡ ᠳᠤ ᠬᠦᠷᠭᠡᠬᠦ᠂ ᠵᠠᠯᠠᠭᠤᠴᠤᠳ ᠤᠨ ︽ᠴᠤᠭᠯᠠᠭᠠᠨ︾ ᠭᠡᠬᠦ ᠵᠡᠷᠭᠡ ᠪᠠᠶᠠᠯᠢᠭ ᠰᠠᠶᠢᠬᠠᠨ ᠤᠳᠬ᠎ᠠ ᠤᠷᠠᠯᠢᠭ ᠤᠨ ᠬᠥᠳᠡᠭᠡ ᠪᠠᠭᠤᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠦᠨᠡᠨ ᠬᠦ ᠣᠯᠠᠨ ᠲᠦᠮᠡᠨ ᠤ ᠡᠭᠦᠳᠡᠨ ᠳᠤ ᠬᠦᠷᠭᠡᠵᠦ᠂ ︽ᠶᠡᠭᠡ ᠶᠣᠰᠣ ᠤᠴᠢᠷ ᠢ ᠶᠠᠷᠢᠭᠰᠠᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠠᠩᠬᠠᠷᠴᠤ ᠪᠠᠶᠢᠭ᠎ᠠ ᠵᠢᠵᠢᠭ ᠶᠠᠷᠢᠶᠠᠨ ᠤ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠦᠨᠡᠨ ᠬᠦ ᠣᠯᠠᠨ ᠲᠦᠮᠡᠨ ᠤ ᠰᠡᠳᠬᠢᠯ ᠳᠤ  ᠬᠠᠳᠠᠩᠰᠢᠭᠤᠯᠤᠭᠰᠠᠨ ᠪᠠᠶᠢᠨ᠎ᠠ᠃     ᠵᠢᠵᠢᠭ ᠵᠦᠴᠦᠭᠡ ᠨᠢ ᠣᠨᠣᠯ ᠢ ᠤᠬᠠᠭᠤᠯᠤᠨ ᠲᠠᠶᠢᠯᠪᠤᠷᠢᠯᠠᠬᠤ ᠶᠢ ︽ᠠᠮᠢᠳᠤᠯᠢᠭ︾ ᠪᠣᠯᠭᠠᠪᠠ᠃ ᠰᠢ ᠾᠧ ᠰᠢᠶᠠᠩ ᠤᠨ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠨᠢ ︽ᠲᠠᠶᠢᠰᠠᠨ ᠲᠡᠭᠡᠷ᠎ᠡ ᠶᠠᠷᠢᠵᠤ ᠲᠠᠪᠴᠠᠩ ᠳᠣᠣᠷ᠎ᠠ ᠰᠣᠨᠣᠰᠬᠤ︾ ᠬᠡᠪᠰᠢᠮᠡᠯ ᠳᠦᠷᠢ ᠶᠢ ᠡᠪᠳᠡᠵᠦ᠂ ᠨᠤᠲᠤᠭ ᠤᠨ ᠠᠶᠠᠯᠭᠤ ᠪᠠᠷ ᠬᠥᠭᠵᠢᠯ ᠮᠠᠨᠳᠤᠯ ᠢ ᠶᠠᠷᠢᠨ᠎ᠠ᠂ ᠡᠭᠦᠨ ᠳᠤ ᠥᠪᠡᠷ ᠢᠶᠠᠨ ᠨᠠᠶᠢᠷᠠᠭᠤᠯᠵᠤ ᠥᠪᠡᠷ ᠢᠶᠠᠨ ᠲᠤᠭᠯᠠᠭᠰᠠᠨ ᠭᠤᠸᠠ ᠽᠦᠢ ︽ᠵᠡᠮᠳᠡᠭ ᠪᠤᠯᠬᠤ ᠠᠴᠠ ᠰᠡᠷᠭᠡᠶᠢᠯᠡᠬᠦ ᠶᠢ ᠬᠥᠮᠦᠨ ᠪᠦᠬᠦᠨ ᠠᠳᠬᠤᠬᠤ︾᠂ ᠴᠠᠷᠭᠢᠯ ᠬᠤᠯᠪᠣᠭ᠎ᠠ ︽ᠬᠡᠪ ᠵᠠᠩᠰᠢᠯ ᠢᠶᠠᠨ ᠥᠭᠡᠷᠡᠴᠢᠯᠡᠵᠦ ᠦᠯᠢᠭᠡᠷ ᠳᠠᠭᠤᠷᠢᠶᠠᠯ ᠪᠣᠯᠬᠤ︾᠂ ᠲᠠᠶᠢᠰᠠᠨ ᠤ ᠵᠦᠴᠦᠭᠡ ︽ᠠᠩᠭᠢ ᠶᠢᠨ ᠵᠣᠪᠠᠭᠤᠷᠢ ᠪᠠᠨ ᠦᠯᠦ ᠮᠠᠷᠲᠠᠬᠤ︾ ᠵᠡᠷᠭᠡ ᠤᠳᠬ᠎ᠠ ᠤᠷᠠᠯᠢᠭ ᠤᠨ ᠪᠦᠲᠦᠭᠡᠯ ᠨᠢ ᠤᠯᠠᠨ ᠲᠦᠮᠡᠨ ᠤ ᠳᠤᠷ᠎ᠠ ᠰᠣᠨᠢᠷᠬᠠᠯ ᠢ ᠶᠡᠬᠡᠳᠡ ᠲᠠᠲᠠᠵᠤ᠂ ᠤᠯᠠᠨ ᠲᠦᠮᠡᠨ ᠳᠤ ᠬᠥᠮᠦᠵᠢᠯ ᠬᠦᠷᠲᠡᠭᠡᠬᠦ ᠶᠢᠨ ᠲᠥᠯᠥᠭᠡ ᠤᠨᠤᠯ ᠤᠨ ᠨᠥᠯᠥᠭᠡᠯᠡᠯ ᠢ ᠬᠦᠷᠲᠡᠭᠡᠵᠦ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠴᠢᠨᠠᠭᠰᠢᠳᠠ  ᠴᠢᠩᠭᠠᠳᠬᠠᠭᠰᠠᠨ ᠠᠴᠠ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃      ᠳᠠᠷᠠᠭᠠᠴᠢ ᠶᠢᠨ ᠠᠯᠬᠤᠮ ᠳᠤ᠂ ᠰᠢ ᠾᠧ ᠰᠢᠶᠠᠩ ᠬᠠᠷᠢᠶ᠎ᠠ ᠣᠷᠣᠨ ᠤ ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶ ᠤᠨ ᠦᠢᠯᠡᠳᠦᠯ ᠢ ᠦᠷᠭᠦᠯᠵᠢᠯᠡᠨ ᠭᠦᠢᠴᠡᠳ ᠪᠠᠳᠠᠷᠠᠭᠤᠯᠵᠤ᠂ ᠰᠢᠨ᠎ᠡ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ ᠶᠢ ᠡᠭᠦᠳᠴᠦ᠂ ᠤᠬᠠᠭᠤᠯᠤᠨ ᠲᠠᠶᠢᠯᠪᠤᠷᠢᠯᠠᠬᠤ ᠶᠢ ︽ᠠᠮᠢᠳᠤᠯᠢᠭ︾᠂ ︽ᠬᠥᠳᠡᠯᠭᠡᠬᠦ︾᠂ ︽ᠰᠢᠨ᠎ᠡ ᠰᠡᠪᠡᠬᠦᠨ︾ ᠪᠣᠯᠭᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢ ᠪᠠᠲᠤᠯᠠᠵᠤ᠂ ᠤᠯᠠᠨ ᠲᠦᠮᠡᠨ ᠤ ︽ᠤᠶᠤᠨ ᠤ ᠰᠣᠶᠣᠯ︾ ᠤᠨ ᠠᠮᠢᠳᠤᠷᠠᠯ ᠢ ᠤᠯᠠᠮ ᠴᠢᠨᠠᠭᠰᠢᠳᠠ  ᠪᠠᠶᠠᠯᠢᠭᠵᠢᠭᠤᠯᠬᠤ ᠪᠠᠷ ᠪᠠᠶᠢᠨ᠎ᠠ ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号