ᠦᠶ᠎ᠡ ᠲᠠᠮᠵᠢᠬᠰᠠᠨ ᠨᠠᠨᠳᠢᠨ ᠤᠯᠠᠮᠵᠢᠯᠠᠯ
ᠨᠡᠶᠢᠲᠡᠯᠡᠭᠰᠡᠨ ᠴᠠᠭ᠄
2024/8/28
  
         ᠦᠨᠳᠦᠰᠦᠲᠡᠨ ᠤ ᠦᠪ ᠰᠤᠶᠤᠯ ᠢᠶᠠᠨ ᠳᠡᠭᠡᠳᠦᠯᠡᠵᠦ᠂ ᠦᠶ᠎ᠡ ᠳᠠᠮᠵᠢᠨ ᠤᠯᠠᠮᠵᠢᠯᠠᠨ ᠵᠠᠯᠭᠠᠮᠵᠢᠯᠠᠵᠦ᠂ ᠨᠡᠩ ᠤᠯᠠᠨ ᠬᠦᠮᠦᠨ ᠳᠤ ᠲᠠᠨᠢᠭᠤᠯᠵᠦ ᠮᠡᠳᠡᠭᠦᠯᠵᠦ ᠶᠠᠪᠤᠭ᠎ᠠ ᠬᠦᠮᠦᠨ ᠨᠢ ᠬᠦᠮᠦᠰ ᠤᠨ ᠮᠠᠬᠳᠠᠭᠠᠯ ᠪᠢᠰᠢᠷᠡᠯ ᠢ ᠬᠦᠷᠲᠡᠬᠦ ᠨᠢ ᠶᠤᠰᠤᠲᠠᠢ ᠪᠢᠯᠠ᠃ ᠡᠭᠦᠨ ᠳᠤ ᠳᠤᠷᠠᠳᠤᠭᠤᠰᠢᠲᠠᠢ ᠨᠢ᠂ ᠭᠠᠷ ᠤᠷᠠᠯᠠᠯ ᠢᠶᠠᠷ ᠢᠶᠠᠨ ᠵᠤᠨ ᠤᠯᠠᠨ ᠤ ᠪᠠᠨ ᠬᠦᠨᠳᠦᠳᠭᠡᠯ ᠢ ᠤᠯᠵᠦ ᠢᠷᠡᠭᠰᠡᠨ ᠬᠤᠷᠴᠢᠨ ᠪᠠᠷᠠᠭᠤᠨ ᠭᠠᠷᠦᠨ ᠲᠤᠮᠳᠠᠳᠤ ᠬᠤᠰᠢᠭᠤᠨ ᠤ ᠲᠠᠶᠢᠴᠢᠨᠳᠠᠯ᠎ᠠ ᠰᠤᠮᠤ ᠪᠠᠷ ᠨᠤᠳᠤᠬᠳᠠᠢ ᠪᠠᠭᠠᠳᠦᠷ ᠪᠤᠯᠤᠨ᠎ᠠ᠃ ᠲᠡᠷᠡᠪᠠᠷ 2017 ᠤᠨ ᠳᠤ ᠬᠢᠨᠭ᠍ᠭᠠᠨ ᠠᠶᠢᠠᠮᠭ ᠤᠨ ᠪᠤᠳᠠᠰ ᠤᠨ ᠪᠤᠰᠤ ᠰᠤᠶᠤᠯ ᠤᠨ ᠦᠪ ᠮᠤᠩᠭᠤᠯ ᠦᠨᠳᠦᠰᠦᠲᠡᠨ ᠤ ᠤᠳᠠᠰᠤᠳᠤ ᠬᠦᠭᠵᠢᠮᠳᠡᠬᠦᠷ ᠬᠢᠬᠦ ᠮᠡᠷᠬᠡᠵᠢᠯ ᠤᠨ ᠲᠦᠯᠦᠭᠡᠯᠡᠭᠴᠢ ᠦᠪᠯᠡᠨ ᠤᠯᠠᠮᠵᠢᠯᠠᠬᠴᠢ ᠪᠠᠷ ᠦᠨᠡᠯᠡᠭᠳᠡᠭᠰᠡᠨ ᠪᠠᠶᠢᠨ᠎ᠠ᠃ ᠲᠡᠬᠦᠨ ᠤ ᠡᠯᠦᠨᠴᠡ ᠡᠪᠦᠭᠡ ᠨᠢ ᠲᠦᠰᠢᠶᠡᠳᠤ ᠸᠠᠩ ᠤᠨ ᠤᠷᠳᠤᠨ ᠳᠤ ᠡᠮᠡᠬᠡᠯ ᠪᠠ ᠬᠤᠭᠤᠷ ᠬᠢᠳᠡᠭ ᠤᠷᠠᠨ ᠲᠠᠷᠬᠠᠨ᠂ ᠠᠪᠤ ᠲᠦᠮᠡᠡᠦ᠋ᠯᠵᠡᠢ ᠨᠢ ᠮᠤᠩᠭᠤᠯ ᠦᠨᠳᠦᠰᠦᠳᠡᠨ ᠤ ᠬᠤᠭᠤᠷ ᠬᠢᠬᠦ ᠮᠡᠷᠬᠡᠵᠢᠯ ᠤᠨ ᠦᠪᠡᠷᠳᠡᠬᠡᠨ ᠵᠠᠰᠠᠬᠤ ᠤᠷᠤᠨ ᠤ ᠲᠡᠰ ᠤᠨ ᠦᠪᠯᠡᠨ ᠤᠯᠠᠮᠵᠢᠯᠠᠬᠴᠢ ᠪᠤᠯᠬᠤ ᠶᠤᠮ᠃ ᠡᠨᠡ ᠵᠢᠯ ᠭᠤᠴᠢᠨ ᠨᠢ᠋ᠮᠠᠳᠠᠢ ᠪᠠᠭᠠᠳᠦᠷ ᠬᠠᠷᠠᠬᠠᠨ ᠪᠠᠭ᠎ᠠ ᠠᠴᠠ ᠪᠠᠨ ᠠᠪᠦ ᠶᠢᠨ ᠢᠶᠠᠨ ᠲᠦᠷᠪᠡᠨ ᠤᠳᠠᠰᠤᠳᠤ ᠬᠤᠭᠤᠷ᠂ ᠮᠤᠷᠢᠨ ᠬᠤᠭᠤᠷ᠂ ᠡᠮᠡᠬᠡᠯ ᠵᠤᠬᠢᠶᠠᠬᠤ ᠵᠡᠷᠭᠡ ᠶᠢ ᠬᠠᠵᠠᠭᠤ ᠠᠴᠠ ᠨᠢ ᠱᠤᠭᠤᠷᠬᠠᠵᠦ ᠪᠠᠶᠢᠬᠰᠠᠨ ᠠᠴᠠ ᠦᠪᠡᠷ ᠢᠶᠠᠨ ᠴᠤ ᠮᠤᠷᠢᠨ ᠬᠤᠭᠤᠷ ᠮᠡᠲᠦ ᠶᠢᠨ ᠭᠠᠷ ᠤᠷᠠᠯᠠᠯ ᠳᠤ ᠬᠤᠷᠤᠬᠠᠢ ᠲᠠᠢ ᠪᠤᠯᠵᠦ ᠠᠪᠤ ᠪᠠᠨ ᠲᠠᠭᠠᠨ ᠭᠠᠷ ᠬᠦᠳᠡᠯᠭᠡᠨ ᠤᠷᠤᠯᠳᠤᠵᠦ ᠬᠤᠭᠤᠷ ᠵᠤᠬᠢᠶᠠᠵᠦ ᠡᠬᠢᠯᠡᠭᠰᠡᠨ ᠪᠠᠶᠢᠨ᠎ᠠ᠃ ᠠᠮᠢᠳᠦᠷᠠᠯ ᠤᠨ ᠰᠢᠯᠳᠠᠭᠠᠨ ᠠᠴᠠ ᠪᠤᠯᠵᠦ ᠲᠡᠷᠡ ᠠᠩᠬ᠎ᠠ ᠲᠤᠮᠳᠠᠳᠤ ᠰᠤᠷᠭᠠᠭᠤᠯᠢ ᠪᠠᠨ ᠲᠡᠬᠦᠰᠦᠮᠡᠭᠴᠡ᠂ ᠨᠢᠭᠡ ᠯᠡ ᠰᠡᠳᠬᠢᠯ ᠢᠶᠠᠷ ᠠᠪᠦ ᠪᠠᠨ ᠲᠠᠭᠠᠵᠦ ᠬᠦᠭᠵᠢᠮᠳᠡᠬᠦᠷ ᠬᠢᠵᠦ ᠰᠤᠷᠴᠠᠢ᠃ ᠪᠠᠭᠠᠳᠦᠷ ᠬᠡᠳᠦᠶᠢᠪᠡᠷ ᠨᠠᠰᠦ ᠪᠠᠭ᠎ᠠ ᠴᠢᠰᠦ ᠰᠢᠩᠭᠡᠨ ᠪᠤᠯᠪᠠᠴᠦ ᠦᠶ᠎ᠠ ᠶᠢᠨ ᠬᠦᠮᠦᠰ ᠲᠠᠢ ᠪᠠᠨ ᠬᠠᠷᠢᠴᠠᠭᠤᠯᠪᠠᠯ ᠡᠷᠲᠡ ᠲᠤᠮᠤᠭᠠᠵᠢᠵᠦ ᠶᠠᠮᠠᠷ ᠨᠢᠭᠡᠨ ᠦᠢᠯᠡᠰ ᠪᠦᠲᠦᠭᠡᠵᠦ ᠠᠮᠢᠳᠦᠷᠠᠯ ᠢᠶᠠᠨ ᠨᠡᠩ ᠤᠳᠬ᠎ᠠ ᠠᠭᠤᠯᠭ᠎ᠠ ᠲᠠᠢ ᠪᠤᠯᠭᠠᠬᠤ ᠶᠢ ᠪᠤᠳᠤᠵᠦ ᠶᠠᠪᠤᠵᠠᠢ᠂ ᠢᠡᠭᠬᠢᠭᠡᠳ ᠲᠡᠷᠡᠪᠡᠷ 2017 ᠤᠨ ᠳᠤ᠂ ᠠᠪᠤ ᠲᠠᠢ ᠪᠠᠨ ᠬᠠᠮᠳᠤ ︽ᠲᠦᠮᠡᠨ ᠦᠯᠵᠡᠢ ᠮᠤᠷᠢᠨ ᠬᠡᠷᠡᠭᠰᠡᠯ ᠤᠨ ᠦᠢᠯᠡᠳᠪᠦᠷᠢ︾ ᠪᠠᠶᠢᠭᠤᠯᠵᠦ᠂ ᠮᠤᠷᠢᠨ ᠬᠤᠭᠤᠷ᠂ ᠲᠦᠷᠪᠡᠨ ᠤᠳᠠᠰᠦᠲᠦ ᠬᠤᠭᠤᠷ᠂ ᠬᠡᠤᠬᠡᠳ ᠤᠨ ᠦᠯᠦᠭᠡᠢ ᠮᠡᠲᠦ ᠶᠢᠨ ᠵᠦᠢᠯᠡᠰ ᠢ ᠵᠤᠬᠢᠶᠠᠨ ᠦᠢᠯᠡᠳᠴᠦ᠂ ᠭᠠᠷ ᠤᠷᠠᠯᠠᠯ ᠳᠤ ᠳᠤᠷ᠎ᠠ ᠪᠠᠭ᠋ᠠᠲᠠᠢ ᠬᠦᠮᠦᠨ ᠳᠤ ᠬᠦᠷᠭᠡᠬᠦ ᠪᠤᠶᠤ ᠭᠠᠳᠠᠬᠰᠢ ᠪᠤᠷᠤᠯᠠᠭᠤᠯᠦᠨ ᠬᠤᠳᠠᠯᠳᠤᠵᠦ᠂ ᠦᠢᠯᠡᠰ ᠪᠦᠲᠦᠭᠡᠬᠦ ᠠᠩᠬᠠᠨ ᠤ ᠠᠶᠠᠨ ᠢᠶᠠᠨ ᠡᠬᠢᠯᠡᠭᠦᠯᠦᠭᠰᠡᠨ ᠪᠠᠶᠢᠨ᠎ᠠ᠃ ᠦᠪᠡᠷ ᠤᠨ ᠲᠤᠬᠠᠶᠢᠯᠠᠬᠰᠠᠨ ᠮᠡᠷᠭᠡᠵᠢᠯ ᠢᠶᠠᠨ ᠳᠡᠭᠡᠭᠰᠢᠯᠡᠬᠦᠯᠵᠦ ᠳᠤᠷᠰᠢᠯᠭ᠎ᠠ ᠬᠤᠷᠠᠮᠳᠤᠭᠤᠯᠬᠤ ᠪᠤᠯ ᠦᠢᠯᠡᠰ ᠪᠦᠲᠦᠭᠡᠵᠦ ᠠᠮᠵᠢᠯᠲᠠ ᠤᠯᠬᠤ ᠶᠢᠨ ᠲᠦᠷᠦᠭᠦᠦ ᠠᠯᠬᠤᠮ ᠪᠤᠯᠬᠤᠷ ᠪᠠᠭᠠᠳᠦᠷ ᠠᠪᠦ ᠠᠴᠠ ᠪᠠᠨ ᠬᠤᠭᠤᠷ ᠬᠢᠬᠦ ᠮᠡᠷᠬᠡᠵᠢᠯ ᠢ ᠨᠠᠷᠢᠯᠢᠭ ᠰᠤᠷᠴᠦ ᠡᠵᠡᠮᠰᠢᠭᠰᠡᠨ ᠢᠶᠠᠷ ᠪᠠᠷᠠᠬᠤ ᠦᠭᠡᠢ ᠪᠠᠰᠠ ᠬᠦᠬᠡᠬᠤᠳᠠ᠂ ᠤᠷᠳᠤᠰ ᠵᠡᠷᠭᠡ ᠭᠠᠵᠠᠷ ᠢᠶᠠᠷ ᠶᠠᠪᠤᠵᠦ ᠬᠤᠭᠤᠷ ᠬᠢᠬᠦ ᠮᠡᠷᠬᠡᠵᠢᠯ ᠤᠨ ᠪᠤᠯᠪᠠᠰᠦᠷᠠᠯ ᠳᠤ ᠤᠷᠤᠯᠴᠠᠵᠦ ᠬᠤᠭᠤᠷ ᠵᠤᠬᠢᠶᠠᠬᠤ ᠤᠷ᠎ᠠ ᠮᠡᠷᠬᠡᠵᠢᠯ ᠢᠶᠠᠨ ᠳᠡᠭᠡᠭᠰᠢᠯᠡᠭᠦᠯᠵᠦ ᠶᠠᠪᠤᠬᠤ ᠶᠢᠨ ᠳᠠᠭᠠᠤ ᠪᠤᠰᠤᠳ ᠤᠨ ᠳᠤᠷᠰᠢᠯᠭ᠎ᠠ ᠮᠡᠳᠡᠯᠭᠡ ᠶᠢ ᠦᠪᠡᠷ ᠤᠨ ᠪᠠᠶᠢᠳᠠᠯ ᠲᠠᠢ ᠪᠠᠨ ᠤᠶᠠᠯᠳᠤᠭᠤᠯᠦᠨ ᠨᠡᠩ ᠤᠯᠠᠨ ᠶᠠᠩᠵᠦ ᠶᠢᠨ ᠬᠤᠭᠤᠷ ᠢ ᠵᠤᠬᠢᠶᠠᠵᠦ ᠪᠦᠲᠦᠭᠡᠵᠦ᠂ ᠦᠢᠯᠡᠰ ᠤᠨ ᠠᠶᠠᠨ ᠳᠠᠭᠠᠨ ᠵᠤᠬᠢᠬᠤ ᠬᠡᠮᠵᠢᠶᠠᠨ ᠤ ᠠᠮᠵᠢᠯᠲᠠ ᠪᠦᠳᠦᠮᠵᠢ ᠤᠯᠵᠦ᠂ ᠮᠤᠷᠢᠨ ᠬᠤᠭᠤᠷ᠂ ᠲᠦᠷᠪᠡᠨ ᠤᠳᠠᠰᠤᠳᠤ ᠬᠤᠭᠤᠷ᠂ ᠲᠤᠪᠰᠢᠭᠤᠷ᠂ ᠡᠮᠡᠬᠡᠯ ᠵᠡᠷᠭᠡ ᠨᠢ ᠪᠡᠬᠡᠵᠢᠩ᠂ ᠱᠧᠨᠵᠧᠨ᠂ ᠭᠤᠸᠠᠩᠵᠸᠤ ᠬᠦᠷᠳᠡᠯ᠎ᠡ ᠬᠠᠯᠠᠭᠤᠨ ᠢᠶᠠᠷ ᠪᠤᠷᠤᠯᠠᠭᠤᠯᠤᠬᠳᠠᠵᠦ ᠪᠠᠶᠢᠨ᠎ᠠ᠃
MINORITY17205807358882XP37OXKK6.jpg
      ᠪᠠᠭᠠᠳᠦᠷ ᠬᠤᠭᠤᠷ ᠬᠢᠬᠦ ᠮᠡᠷᠬᠡᠵᠢᠯ ᠢᠶᠠᠷ ᠢᠶᠠᠨ ᠬᠤᠳᠠᠯᠠ ᠤᠯᠠᠨ ᠳᠠᠭᠠᠨ ᠲᠠᠨᠢᠬᠳᠠᠵᠦ ᠠᠮᠵᠢᠯᠳᠠ ᠲᠦᠬᠦᠷᠡᠩ ᠶᠠᠪᠤᠬᠰᠠᠨ ᠴᠤ ᠨᠠᠮ ᠵᠠᠰᠠᠭ ᠤᠨ ᠬᠠᠶᠢᠷ᠎ᠠ ᠬᠠᠯᠠᠮᠵᠢ ᠪᠠ ᠨᠤᠳᠤᠭ ᠤᠰᠤᠨ ᠤ ᠪᠠᠨ ᠠᠬ᠎ᠠ ᠲᠡᠬᠦᠦ ᠨᠡᠷ ᠢᠶᠠᠨ ᠶᠡᠷᠦ ᠮᠠᠷᠳᠠᠬᠰᠠᠨ ᠦᠬᠡᠢ᠃ ᠲᠡᠷᠡ ᠦᠪᠡᠷ ᠢᠶᠠᠨ ᠦᠢᠯᠡᠰ ᠤᠨ ᠲᠤᠷᠭᠠᠨ ᠬᠠᠷᠭᠤᠢ ᠳᠠᠭᠠᠨ ᠡᠯᠪᠡᠭ ᠪᠦᠳᠦᠬᠡᠯ ᠰᠦᠮᠪᠦᠷᠯᠡᠬᠦᠯᠵᠦ ᠶᠠᠪᠤᠬᠰᠠᠨ ᠴᠤ ᠨᠤᠳᠤᠭ ᠤᠰᠤᠨ ᠤ ᠠᠬ᠎ᠠ ᠲᠡᠬᠦᠦ ᠨᠠᠷ ᠢᠶᠠᠨ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠬᠦ ᠶᠢ ᠢᠮᠠᠬᠳᠠ ᠰᠡᠳᠬᠢᠯ ᠳᠡᠭᠡᠨ ᠪᠤᠳᠤᠵᠦ᠂ ᠤᠶᠢᠷ᠎ᠠ ᠬᠠᠪᠢ ᠶᠢᠨ ᠠᠶᠢᠯ ᠲᠤᠰᠬᠤᠨ ᠤ ᠪᠠᠨ ᠬᠦᠮᠦᠨ ᠠᠷᠡᠳ ᠲᠤ ᠠᠵᠢᠯ ᠤᠨ ᠪᠠᠶᠢᠷᠢ ᠬᠠᠨᠭ᠍ᠭᠠᠵᠦ᠂ ᠲᠡᠳᠡᠨ ᠤ ᠤᠷᠤᠯᠭ᠎ᠠ ᠶᠢ ᠨᠡᠮᠡᠭᠳᠡᠬᠦᠯᠵᠦ᠂ ᠪᠠᠶᠠᠵᠢᠯ ᠤᠨ ᠵᠠᠮ ᠢ ᠨᠢ ᠡᠯᠭᠦᠨ᠎ᠠ᠃
MINORITY1720580747031Q67WGS1VVM.jpg
      ᠤᠯᠠᠮᠵᠢᠯᠠᠯᠲᠦ ᠰᠢᠯᠢᠳᠡᠭ ᠦᠪ ᠰᠤᠶᠤᠯ ᠢᠶᠠᠨ ᠤᠯᠠᠮ ᠢᠯᠡᠭᠦᠦ ᠤᠯᠠᠮᠵᠢᠯᠠᠨ ᠪᠠᠳᠠᠷᠠᠭᠤᠯᠵᠦ᠂ ᠬᠤᠶᠢᠴᠢ ᠦᠶ᠎ᠠ ᠳᠡᠭᠡᠨ ᠨᠠᠨᠳᠢᠨ ᠦᠪ ᠬᠦᠷᠦᠩᠭᠡ ᠪᠤᠯᠭᠠᠨ ᠦᠯᠡᠳᠡᠭᠡᠵᠦ ᠦᠭᠬᠦ ᠶᠢᠨ ᠲᠦᠯᠦᠭᠡ᠂ ᠪᠠᠭᠠᠳᠦᠷ ᠦᠪᠡᠷ ᠤᠨ ᠭᠤᠷᠪᠠᠨ ᠬᠡᠤᠬᠡᠳ ᠲᠡᠭᠡᠨ ᠮᠢᠯᠠᠭ᠎ᠠ ᠬᠦᠷᠦᠬᠦ᠂ ᠡᠮᠡᠬᠡᠯ ᠤᠨ ᠲᠤᠪᠤᠷᠤᠤ ᠬᠠᠳᠠᠬᠤ ᠵᠡᠷᠭᠡ ᠶᠢ ᠵᠢᠭᠠᠵᠦ ᠦᠭᠴᠦ᠂ ᠤᠯᠠᠮᠵᠢᠯᠠᠯᠳᠤ ᠦᠪ ᠰᠤᠶᠤᠯ ᠢᠶᠠᠨ ᠤᠳᠤᠮ ᠲᠠᠮᠵᠢᠨ ᠤᠯᠠᠮᠵᠢᠯᠠᠵᠦ ᠪᠠᠶᠢᠨ᠎ᠠ᠃ ᠭᠤᠷᠪᠠᠨ ᠬᠡᠤᠬᠡᠳ ᠨᠢ ᠴᠤ ᠡᠮᠡᠬᠡᠯ ᠵᠤᠬᠢᠶᠠᠬᠤ᠂ ᠬᠤᠭᠤᠷ ᠬᠢᠬᠦ ᠮᠡᠷᠬᠡᠵᠢᠯ ᠳᠤ ᠪᠠᠭ᠋ᠠᠳᠠᠢ ᠪᠤᠯᠤᠬᠰᠠᠨ ᠢᠶᠠᠷ ᠪᠠᠷᠠᠬᠤ ᠦᠬᠡᠢ ᠪᠠᠭ᠎ᠠ ᠠᠴᠠ ᠪᠠᠨ ᠬᠤᠭᠤᠷ ᠬᠦᠭᠯᠡᠬᠦᠯᠵᠦ ᠨᠠᠭᠠᠳᠤᠳᠠᠭ ᠪᠠᠶᠢᠬᠰᠠᠨ ᠠᠴᠠ ᠪᠠᠨ ᠤᠳᠤ ᠪᠦᠷ ᠮᠤᠷᠢᠨ ᠬᠤᠭᠤᠷ ᠲᠠᠳᠠᠵᠦ ᠰᠤᠷᠴᠦ᠂ ᠤᠯᠠᠮᠵᠢᠯᠠᠯᠲᠦ ᠰᠤᠶᠤᠯ ᠤᠨ ᠷᠢᠳᠢ ᠰᠢᠳᠢ ᠶᠢ ᠬᠤᠯᠠ ᠤᠶᠢᠷ᠎ᠠ ᠶᠢᠨ ᠬᠦᠮᠦᠰ ᠲᠤ ᠮᠡᠳᠡᠷᠡᠭᠦᠯᠵᠦ ᠶᠠᠪᠤᠨ᠎ᠠ᠃ ᠪᠠᠭᠠᠳᠦᠷ ᠤᠨ ᠶᠡᠭᠡ ᠬᠦᠦ ᠶᠢᠨ ᠬᠤᠤ ᠨᠢ 2023 ᠤᠨ ᠤ ︽ᠲᠠᠪᠤᠳᠤᠭᠠᠷ ᠬᠤᠭᠤᠴᠠᠭᠠᠨ ᠤ ᠲᠤᠮᠳᠠᠳᠤ ᠪᠧᠯᠤᠷᠦ᠋ᠰ ᠤᠨ ︿ᠲᠤᠷᠭᠠᠨ ᠵᠠᠮ﹀ ᠤᠯᠠᠨ ᠤᠯᠤᠰ ᠤᠨ ᠵᠠᠯᠠᠭᠤᠴᠤᠳ ᠪᠠᠭᠠᠴᠤᠳ ᠤᠨ ᠤᠷᠠᠯᠢᠭ ᠤᠨ ᠤᠷᠤᠯᠳᠤᠭᠠᠨ︾ ᠳᠤ ᠮᠤᠷᠢᠨ ᠬᠤᠭᠤᠷ ᠬᠦᠭᠵᠢᠮᠳᠡᠭᠡᠳ ᠨᠢᠭᠡᠳᠦᠭᠡᠷ ᠲᠡᠰ ᠤᠨ ᠱᠠᠩᠨᠠᠯ ᠬᠦᠷᠳᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号