ᠵᠶᠠ ᠪᠦᠦ ᠯᠢᠶᠠᠩ ᠬᠤᠸᠠᠩ ᠬᠤᠸᠠ ᠲᠠᠨ ᠪᠣᠬᠢᠷᠲᠤᠯ ᠦᠭᠡᠢ ᠢᠳᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/29
     8 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠸᠠᠩ ᠬᠤᠸᠠ ᠲᠠᠨ ᠪᠣᠬᠢᠷᠲᠤᠯ ᠥᠬᠡᠶ ᠢᠳᠡᠭᠡᠨ ᠤ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     ᠬᠦᠷᠢᠶᠡᠯᠡᠩ ᠲᠣᠭᠤᠷᠢᠭ ᠲᠤ᠂ ᠵᠢᠶᠠ ᠪᠦᠦ ᠯᠢᠶᠠᠩ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠼᠤᠤ  ᠳ᠋ᠦ᠋᠂ ᠥᠪᠥᠷ ᠮᠣᠩᠭᠤᠯ ᠤᠨ ᠮᠦ ᠯᠠᠢ ᠭᠧ ᠦᠬᠡᠷ ᠬᠤᠨᠢᠨ ᠮᠢᠬᠠᠨ ᠤ ᠢᠳᠡᠭᠡᠨ ᠤ ᠬᠢᠵᠠᠭᠠᠷᠲᠤ ᠺᠣᠮᠫᠠᠨᠢ ᠶᠢᠨ  ᠬᠠᠷᠢᠭᠤᠴᠠᠯᠭᠠᠳᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠣᠷᠣᠵᠤ ᠰᠠᠭᠤᠭᠰᠠᠨ ᠵᠢᠴᠢ ᠠᠵᠤ ᠦᠢᠯᠡᠰ ᠤᠨ ᠪᠦᠯᠦᠭᠵᠢᠯ ᠤᠨ ᠴᠣᠭᠴᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠲᠦᠷᠦᠯ ᠳᠡᠮᠳᠡᠭᠵᠢᠯᠲᠡ᠂ ᠠᠮᠢ ᠠᠬᠤᠶᠢᠵᠢᠯᠳᠠ ᠪᠠᠷ ᠬᠥᠭᠵᠢᠯᠲᠡ ᠶᠢᠨ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠦᠢᠯᠡᠳᠬᠦᠨ ᠢ ᠨᠠᠷᠢᠯᠢᠭ ᠡᠳ᠋ᠰᠢᠭᠦᠯᠬᠦ᠂ ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ᠂ ᠨᠡᠮᠡᠯᠲᠡ ᠦᠷᠳᠡᠭ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠤᠷᠤᠭᠤᠯᠤᠨ᠂ ᠠᠷᠭ᠎ᠠ ᠤᠬᠠᠭᠠᠨ ᠭᠠᠷᠭᠠᠵᠤ᠂ ᠦᠢᠯᠡᠳᠬᠦᠨ ᠤ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠳᠡᠭᠡᠳᠦ ᠲᠡᠰᠵᠢᠯᠲᠡ᠂ ᠪᠣᠬᠢᠷᠲᠤᠯ ᠦᠭᠡᠢ ᠴᠢᠭᠯᠡᠯ ᠲᠡᠰᠢ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠷᠠᠲᠤ ᠲᠥᠷᠥᠯ ᠲᠡᠮᠳᠡᠭᠲᠦ ᠶᠢᠨ ᠤᠬᠠᠮᠰᠠᠷ ᠢᠶᠠᠨ ᠴᠢᠩᠭᠠᠳᠬᠠᠵᠤ᠂ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠳᠠᠷᠢᠵᠤ ᠲᠡᠵᠢᠭᠡᠬᠦ᠂ ᠡᠳ᠋ᠰᠢᠭᠦᠯᠬᠦ᠂ ᠪᠣᠷᠣᠯᠠᠭᠤᠯᠬᠤ ᠪᠥᠬᠦ ᠶᠠᠪᠤᠴᠠ ᠳᠤ ᠲᠤᠭᠤᠰᠢᠯᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠰᠤᠷᠪᠤᠯᠵᠢ ᠶᠢ ᠡᠷᠢᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠭᠡᠷᠡᠯᠲᠦᠭᠦᠯᠬᠦ ᠬᠡᠷᠡᠭᠲᠡᠶ ᠭᠡᠪᠡ᠃ ᠪᠡᠯᠴᠢᠭᠡᠷᠯᠡᠭᠦᠯᠬᠦ ᠶᠢ ᠵᠤᠭᠰᠤᠭᠠᠵᠤ᠂  ᠪᠡᠯᠴᠢᠭᠡᠷ ᠢ ᠠᠮᠠᠷᠠᠭᠤᠯᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠤᠲᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠤᠨ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠲᠣ ᠶᠢᠨ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂  ᠬᠠᠳᠠᠭᠠᠯᠠᠯᠳᠠ ᠶᠢᠨ ᠤᠷᠤᠨ ᠵᠠᠢ ᠶᠢ ᠠᠮᠢᠳᠤᠯᠢᠭ ᠪᠤᠯᠭᠠᠨ᠂  ᠬᠠᠳᠠᠭᠠᠯᠠᠯᠳᠠ ᠶᠢᠨ ᠭᠡᠮᠵᠢᠶ᠎ᠡ  ᠪᠠᠷ ᠨᠡᠮᠡᠭᠳᠡᠯ ᠢ ᠲᠡᠳᠡᠨ ᠠᠪᠴᠢᠷᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠬᠥᠭᠵᠢᠯᠲᠡ ᠶᠢᠨ ᠴᠢᠭᠯᠡᠯ ᠨᠢ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠠᠶᠢᠲᠤᠷ  ᠬᠦᠴᠦᠯᠡᠨ ᠠᠳᠬᠤᠵᠤ᠂ ᠳᠡᠭᠡᠳᠦ ᠳᠤᠤᠷᠠᠳᠤ ᠤᠷᠤᠰᠬᠠᠯ ᠤᠨ ᠠᠵᠤ ᠦᠢᠯᠡᠰ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠵᠢᠯᠴᠠᠨ ᠬᠠᠮᠲᠤᠷᠠᠯᠴᠠᠬᠤ ᠶᠢ ᠠᠬᠢᠭᠤᠯᠬᠤ ᠶᠢᠨ ᠬᠠᠮᠲᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠵᠦ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ  ᠤ ᠠᠵᠤ ᠠᠬᠤᠢ ᠶᠢᠨ ᠦᠷᠭᠦᠯᠵᠢᠯᠡᠨ ᠨᠡᠮᠡᠭᠳᠡᠬᠦ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ  ᠴᠢᠬᠤᠯᠠᠴᠢᠯᠠᠪᠠ᠃      ᠬᠤᠰᠢᠭᠤᠨ ᠤ ᠤᠳᠤᠷᠢᠳᠤᠯᠭ᠎ᠠ ᠭᠤᠤ ᠹᠸᠢ᠂ ᠰᠤ᠋ ᠷᠦᠢ ᠹᠧᠩ᠂ ᠦ᠋ ᠼᠦᠨ ᠪᠦᠦ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ  ᠬᠠᠷᠢᠭᠤᠴᠠᠯᠭᠠᠳᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号