8 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠲᠠᠩᠰᠠ ᠡᠪᠬᠡᠮᠡᠯ ᠤᠨ ᠠᠵᠢᠯ ᠤᠨ | ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ | ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠥᠬᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠲᠠᠩᠰᠠ | ᠡᠪᠬᠡᠮᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ | ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠠᠨ ᠴᠦᠨ ᠯᠸᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠵᠦ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠦᠨᠡᠨᠬᠦ | ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ | ᠡᠨᠡᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠠᠩᠰᠠ ᠡᠪᠬᠡᠮᠡᠯ ᠢ ᠬᠠᠤᠯᠢ ᠶᠣᠰᠣᠭᠠᠷ ᠬᠠᠮᠢᠶᠠᠷᠴᠤ | ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠳᠤᠪᠤᠶᠢᠯᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠩᠰᠠ ᠡᠪᠬᠡᠮᠡᠯ ᠤᠨ ᠠᠵᠢᠯ ᠤᠨ ᠪᠦᠬᠦᠯᠢ | ᠴᠣᠭᠴᠠ ᠵᠢᠨᠠᠵᠢᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠲᠠᠩᠰᠠ ᠡᠪᠬᠡᠮᠡᠯ ᠢ ᠡᠮᠬᠢᠯᠡᠵᠦ ᠲᠠᠩᠰᠠ | ᠡᠪᠬᠡᠮᠡᠯ ᠳᠤ ᠣᠷᠣᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ | ᠪᠠᠶᠢᠭᠤᠯᠤᠯᠲᠠ ᠶᠢ ᠰᠠᠶᠢᠲᠤᠷ ᠬᠢᠵᠦ᠂ ᠲᠠᠩᠰᠠ ᠡᠪᠬᠡᠮᠡᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠯᠠᠪᠳᠠᠭᠤᠨ ᠪᠠᠲᠤᠲᠠᠶ ᠪᠠᠬᠢᠵᠢᠭᠦᠯᠵᠦ᠂ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠲᠣᠭᠠᠴᠢᠯᠠᠯᠲᠠ ᠶᠢ | ᠲᠦᠷᠭᠡᠳᠬᠡᠨ ᠠᠬᠢᠭᠤᠯᠬᠤ ᠭᠡᠷᠡᠭᠳᠠᠢ᠃ ᠲᠠᠩᠰᠠ ᠡᠪᠬᠡᠮᠡᠯ ᠤᠨ ᠰᠠᠯᠠᠭ᠎ᠠ ᠮᠥᠴᠢᠷ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠵᠤ᠂ ᠬᠢᠨᠠᠯᠲᠠ ᠵᠢᠯᠣᠭᠤᠳᠣᠯᠭ᠎ᠠ ᠪᠠᠨ ᠴᠢᠩᠭᠠᠳᠬᠠᠨ᠂ ᠪᠥᠬᠦ ᠬᠤᠰᠢᠭᠤᠨ ᠤ ᠲᠠᠩᠰᠠ ᠡᠪᠬᠡᠮᠡᠯ ᠤᠨ | ᠠᠵᠢᠯ ᠤᠨ ᠨᠠᠩ ᠰᠠᠶᠢᠨ ᠪᠠᠷ ᠭᠤᠤᠯᠳᠠᠯᠭ᠎ᠠ ᠪᠠ ᠶᠡᠭᠡ ᠲᠠᠯ᠎ᠠ ᠶᠢᠨ ᠲᠤᠭᠤᠷᠢᠨ ᠳᠤ ᠦᠢᠯᠡᠴᠢᠯᠡᠬᠦ ᠶᠢ ᠪᠠᠲᠤᠯᠠᠬᠤ | ᠬᠡᠷᠡᠭᠲᠡᠶ᠃ ᠲᠠᠩᠰᠠ ᠡᠪᠬᠡᠮᠡᠯ ᠢ ᠰᠢᠯᠭᠠᠨ ᠬᠢᠨᠠᠵᠤ ᠱᠠᠩᠨᠠᠵᠤ ᠲᠣᠷᠭᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ | ᠲᠠᠩᠰᠠ ᠡᠪᠬᠡᠮᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ | ᠲᠠᠩᠰᠠ ᠡᠪᠬᠡᠮᠡᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠤᠯᠤᠰ | ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ | ᠴᠢᠷᠮᠠᠶᠢᠨ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ | ᠪᠣᠯᠪᠠᠰᠤᠷᠠᠯ ᠲᠠᠢ᠂ ᠲᠤᠰᠬᠠᠶᠢᠵᠢᠭᠰᠠᠨ ᠲᠠᠩᠰᠠ ᠡᠪᠬᠡᠮᠡᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠳᠠᠢ᠃ | | ᠳᠠᠷᠠᠭ᠎ᠠ ᠨᠢ ᠨᠢᠭᠡ ᠡᠳᠦᠷ ᠤᠨ ᠬᠤᠭᠤᠴᠠᠭ᠎ᠠ ᠲᠠᠢ ᠳᠠᠩᠰᠠ ᠡᠪᠬᠡᠮᠡᠯ ᠤᠨ ᠠᠵᠢᠯ ᠤᠨ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ᠃ ᠪᠤᠭᠤᠲᠤ ᠬᠤᠲᠠ ᠶᠢᠨ ᠲᠠᠩᠰᠠ ᠡᠪᠬᠡᠮᠡᠯ ᠤᠨ ᠣᠷᠳᠣᠨ ᠤ | ᠲᠤᠬᠠᠶᠢᠯᠠᠭᠰᠠᠨ ᠠᠵᠢᠯ ᠤᠨ ᠵᠢᠯᠣᠭᠤᠳᠬᠤ ᠰᠠᠯᠠᠭᠠᠨ ᠤ ᠳᠡᠳ᠋ ᠰᠠᠯᠠᠭᠠᠨ ᠳᠠᠷᠤᠭ᠎ᠠ ᠵᠠᠩ ᠸᠧᠨ ᠪᠤᠯᠤᠨ ᠥᠪᠥᠷ | ᠮᠣᠩᠭᠤᠯ ᠤᠨ ᠰᠢᠨ᠎ᠡ ᠴᠡᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠼᠦᠢ ᠵᠢᠶᠦ᠋ᠨ | ᠹᠧᠩ ᠢ ᠤᠷᠢᠵᠤ ᠬᠠᠮᠢᠶ᠎ᠠ ᠪᠥᠬᠦᠶ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠵᠢᠴᠢ ᠬᠠᠮᠢᠶᠠᠷᠤᠯᠲᠠ ᠶᠢᠨ | ᠵᠥᠭᠡᠯᠡᠨ ᠲᠣᠨᠤᠭ ᠤᠨ ᠪᠣᠯᠪᠠᠰᠤᠷᠠᠯ ᠬᠢᠯᠭᠡᠵᠦ᠂ ᠪᠥᠬᠦ ᠬᠤᠰᠢᠭᠤᠨ ᠤ ᠲᠠᠩᠰᠠ ᠡᠪᠬᠡᠮᠡᠯ ᠤᠨ ᠠᠵᠢᠯᠲᠠᠨ ᠤ ᠲᠤᠰᠬᠠᠶ | ᠮᠡᠷᠭᠡᠵᠢᠯ ᠤᠨ ᠣᠨᠣᠯ ᠤᠨ ᠬᠢᠷᠢ ᠲᠦᠪᠰᠢᠨ ᠪᠠ ᠪᠣᠳᠠᠲᠤ ᠠᠵᠢᠯᠯᠠᠭᠠᠨ ᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠳᠠᠷᠬᠠᠨ ᠮᠤᠤᠮᠢᠩᠭᠠᠨ ᠬᠤᠰᠢᠭᠤᠨ ᠤ ᠲᠠᠩᠰᠠ ᠡᠪᠬᠡᠮᠡᠯ ᠤᠨ ᠠᠵᠢᠯ ᠤᠨ ᠵᠢᠷᠤᠮᠵᠢᠯ᠂ | ᠪᠠᠷᠢᠮᠵᠢᠶᠠᠵᠢᠭᠤᠯᠤᠯᠲᠠ ᠶᠢ ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠶ᠃ | ᠪᠥᠬᠦ ᠬᠤᠰᠢᠭᠤᠨ ᠤ 12 ᠰᠤᠮᠤ ᠰᠢᠶᠠᠩ ᠪᠠᠯᠭᠠᠰᠤ ᠵᠢᠴᠢ ᠡᠯ᠎ᠡ ᠰᠠᠯᠠᠭ᠎ᠠ ᠮᠥᠴᠢᠷ ᠪᠠᠶᠢᠭᠤᠯᠭ᠎ᠠ | ᠨᠢᠭᠡᠴᠡ ᠶᠢᠨ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ 70 ᠭᠠᠷᠤᠶ ᠬᠥᠮᠦᠨ | ᠪᠣᠯᠪᠠᠰᠤᠷᠠᠯ ᠳᠤ ᠣᠷᠣᠯᠴᠠᠵᠠᠶ᠃ |