8 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ | ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ | ᠰᠡᠳᠬᠢᠴᠡ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠶ ᠣᠶᠢᠯᠠᠭᠠᠪᠠ᠃ ᠮᠠᠨ ᠤ ᠬᠤᠰᠢᠭᠤᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠪᠠ ᠪᠣᠳᠠᠲᠠᠶ ᠠᠷᠭ᠎ᠠ | ᠬᠡᠮᠵᠢᠶ᠎ᠡ ᠶᠢ ᠲᠥᠯᠥᠪᠯᠡᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ ᠲᠠᠰᠤᠷᠠᠯᠲᠠ ᠥᠬᠡᠶ | ᠰᠢᠨ᠎ᠡ ᠰᠢᠪᠲᠤᠯᠤᠯᠲᠠ ᠲᠠᠢ ᠪᠣᠯᠬᠤ ᠬᠡᠷᠡᠭᠳᠠᠢ ᠃ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠤᠳᠤᠷᠢᠳᠤᠯᠭ᠎ᠠ ᠬᠤᠸᠠᠩ ᠯᠦᠩ᠂ ᠯᠢ ᠶᠦᠩ | ᠰᠢᠨ᠂ ᠯᠢ ᠪᠦᠦ ᠴᠦᠨ᠂ ᠶᠠᠨ ᠴᠦᠨ ᠯᠸᠢ᠂ ᠮᠠ ᠸᠧᠨ ᠭᠠᠩ᠂ ᠰᠦᠨ ᠪᠢᠨ ᠰᠤᠷᠤᠯᠴᠠᠯᠭ᠎ᠠ ᠶᠢᠨ ᠭᠤᠤᠯ | ᠰᠡᠳᠦᠪ ᠲᠠᠢ ᠨᠢᠭᠲᠠ ᠤᠶᠠᠯᠳᠤᠭᠤᠯᠵᠤ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠲᠣᠰ ᠲᠣᠰ ᠠᠳᠠᠯᠢ ᠪᠤᠰᠤ ᠬᠠᠷᠠᠭᠠᠰᠤ ᠠᠴᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ | ᠪᠤᠰᠤᠳ ᠭᠤᠤᠯ ᠳᠤᠭᠤᠶᠢᠯᠠᠩ ᠤᠨ ᠪᠦᠷᠢᠯᠳᠦᠬᠦᠨ ᠪᠢᠴᠢᠭ ᠤᠨ ᠮᠠᠲ᠋ᠧᠷᠢᠶᠠᠯ ᠢᠶᠠᠨ ᠲᠤᠰᠢᠶᠠᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠠᠵᠠ ᠲᠣᠬᠢᠶᠠᠯ ᠢ ᠠᠮᠵᠢᠵᠤ᠂ | ᠥᠭᠡᠷᠡᠴᠢᠯᠡᠯᠲᠡ ᠶᠢᠨ ᠰᠡᠳᠬᠢᠬᠦᠢ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠡᠳᠬᠢᠴᠡ᠂ ᠰᠢᠨ᠎ᠡ ᠠᠷᠭ᠎ᠠ | ᠬᠡᠮᠵᠢᠶ᠎ᠡ ᠶᠢ ᠲᠥᠯᠥᠪᠵᠢᠭᠦᠯᠵᠦ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠳᠤᠮᠳᠠ ᠠᠵᠠ ᠲᠣᠬᠢᠶᠠᠯ ᠢ ᠣᠯᠵᠤ᠂ | ᠰᠠᠨᠠᠭᠠᠴᠢᠯᠠᠭᠠᠲᠤ ᠪᠠᠶᠢᠷᠢ ᠶᠢ ᠡᠵᠡᠯᠡᠬᠦ ᠪᠠᠷ ᠴᠢᠷᠮᠠᠶᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠬᠡᠷᠡᠭᠲᠡᠢ᠃ ᠬᠥᠭᠵᠢᠯᠲᠡ ᠶᠢᠨ ᠭᠤᠣᠯᠳᠠᠯᠭ᠎ᠠ ᠶᠢ ᠴᠢᠩᠭ᠎ᠠ | ᠠᠩᠬᠠᠷᠴᠤ᠂ ᠥᠭᠡᠷᠡᠴᠢᠯᠡᠯᠲᠡ ᠶᠢᠨ ᠰᠡᠳᠬᠢᠬᠦᠢ ᠪᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ | ᠲᠣᠭᠤᠷᠢᠭ ᠢ ᠰᠠᠶᠢᠲᠤᠷ ᠪᠠᠶᠢᠭᠤᠯᠤᠨ ᠬᠡᠷᠡᠭᠯᠡᠵᠦ᠂ ᠲᠠᠯ᠎ᠠ ᠨᠤᠲᠤᠭ ᠤᠨ ᠠᠮᠢ ᠠᠬᠤᠢ ᠶᠢᠨ ᠰᠠᠶᠢᠨ ᠣᠷᠴᠢᠯ᠂ ᠮᠠᠯ | ᠠᠵᠤ ᠠᠬᠤᠢ ᠶᠢᠨ ᠣᠳᠣᠬᠢᠴᠢᠯᠠᠯᠲᠠ ᠶᠢᠨ ᠬᠠᠮᠵᠢᠯᠴᠠᠨ ᠬᠥᠭᠵᠢᠬᠦ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ | ︽ᠲᠠᠷᠢᠶᠠᠯᠠᠩ ᠰᠣᠶᠣᠯ ᠬᠤᠳᠠᠯᠳᠤᠭ᠎ᠠ ᠵᠢᠭᠤᠯᠴᠢᠯᠠᠯ + ᠡᠷᠡᠭᠦᠯ ᠮᠡᠨᠳᠦ ᠰᠤᠪᠢᠯᠠᠯᠲᠠ︾ ᠶᠢ ᠭᠦᠨᠵᠡᠭᠡᠢ | ᠠᠭᠤᠰᠤᠯᠴᠠᠭᠤᠯᠬᠤ ᠲᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠮᠠᠨᠳᠤᠯ ᠪᠣᠭᠤᠮᠲᠠ ᠶᠢᠨ ᠴᠢᠳᠠᠪᠤᠷᠢ ᠶᠢ | ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠠᠲᠤᠬᠠᠭᠠᠯᠭ᠎ᠠ ᠪᠠᠯᠭᠠᠰᠤᠨ ᠤ ᠬᠤᠳᠠ ᠶᠢᠨ | ᠰᠢᠨᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠲᠡᠰ ᠬᠤᠪᠢᠶᠠᠨ ᠲᠦᠷᠦᠯ ᠬᠤᠪᠢᠶᠠᠬᠤ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠪᠤᠷᠠᠨ | ᠲᠤᠰᠠᠯᠠᠯᠲᠠ᠂ ᠨᠡᠶᠢᠭᠡᠮ ᠤᠨ ᠠᠰᠠᠷᠠᠮᠵᠢ ᠵᠡᠷᠭᠡ ᠠᠵᠢᠯ ᠢ ᠰᠠᠶᠢᠲᠤᠷ ᠠᠳᠬᠤᠵᠤ᠂ ᠥᠭᠡᠷᠡᠴᠢᠯᠡᠯᠲᠡ ᠪᠠᠷ | ᠲᠤᠯᠭᠠᠭᠤᠷᠢᠯᠠᠬᠤ ᠴᠡᠭ ᠪᠣᠯᠭᠠᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠬᠦ ᠬᠡᠷᠡᠭᠲᠡᠢ᠃ | ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢ | ᠭᠠᠳᠠᠭᠰᠢᠯᠠᠭᠤᠯᠬᠤ ᠬᠠᠮᠢᠶᠠᠷᠤᠯᠲᠠ ᠶᠢᠨ ᠲᠠᠪᠴᠠᠩ ᠢ ᠰᠠᠶᠢᠲᠤᠷ ᠪᠠᠶᠢᠭᠤᠯᠵᠤ᠂ ᠠᠵᠤ ᠠᠬᠤᠢ ᠨᠡᠶᠢᠭᠡᠮ ᠪᠣᠯᠤᠨ ᠠᠮᠢ | ᠠᠬᠤᠢ ᠣᠷᠴᠢᠨ ᠲᠣᠭᠤᠷᠢᠨ ᠤ ᠡᠶ᠎ᠡ ᠵᠣᠬᠢᠴᠠᠩᠭᠤᠢ ᠬᠥᠭᠵᠢᠯᠲᠡ ᠶᠢ ᠴᠢᠷᠮᠠᠶᠢᠨ ᠪᠡᠶᠡᠯᠡᠬᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠬᠦ | ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠬᠡᠷᠡᠭᠲᠡᠢ︔ ᠤᠯᠤᠰ ᠤᠨ ᠡᠭᠦᠳᠡ ᠪᠠᠨ ᠡᠷᠡᠰ ᠰᠠᠬᠢᠵᠤ᠂ | ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠶᠢ ᠪᠦᠳᠦᠭᠡᠨ | ᠪᠠᠶᠢᠭᠤᠯᠬᠤ ᠬᠡᠷᠡᠭᠲᠡᠢ ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠨ ᠲᠤᠭᠤᠰᠢᠯᠠᠭᠤᠯᠬᠤ ᠶᠢ ᠴᠢᠩᠭᠠᠳᠬᠠᠵᠤ᠂ | ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ | ᠰᠤᠷᠤᠯᠴᠠᠨ ᠰᠤᠳᠤᠯᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢ ᠤᠩᠰᠢᠨ ᠣᠶᠢᠯᠠᠭᠠᠵᠤ᠂ ᠥᠭᠡᠷᠡᠴᠢᠯᠡᠯᠲᠡ ᠶᠢ | ᠨᠡᠪᠲᠡᠷᠡᠲᠡᠯ᠎ᠡ ᠣᠶᠢᠯᠠᠭᠠᠵᠤ᠂ ᠨᠠᠩ ᠰᠢᠷᠭᠠᠭᠤ ᠬᠢᠴᠢᠶᠡᠩᠭᠦᠢ᠂ ᠨᠠᠩ ᠢᠯᠡᠬᠦᠦ ᠰᠡᠳᠬᠢᠯ ᠲᠠᠯᠪᠢᠵᠤ᠂ ᠨᠠᠩ | ᠲᠤᠰᠬᠠᠶᠢᠵᠢᠭᠰᠠᠨ ᠣᠪᠣᠷ ᠢᠶᠠᠷ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠬᠤ ᠬᠡᠷᠡᠭᠲᠡᠶ ᠃ ᠥᠭᠡᠷᠡᠴᠢᠯᠡᠯᠲᠡ ᠶᠢᠨ ᠠᠷᠭ᠎ᠠ ᠶᠢ ᠡᠵᠡᠮᠰᠢᠵᠦ᠂ ᠡᠯ᠎ᠡ ᠬᠦᠷᠢᠶ᠎ᠡ ᠬᠡᠪᠴᠢᠶ᠎ᠡ | ᠭᠤᠭᠴᠤᠭ᠎ᠠ ᠶᠢᠨ ᠥᠭᠡᠷᠡᠴᠢᠯᠡᠯᠲᠡ ᠶᠢᠨ ᠬᠤᠯᠪᠣᠯᠳᠤᠬᠤ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠢ ᠣᠨᠣᠪᠴᠢᠲᠠᠢ | ᠡᠵᠡᠮᠳᠡᠵᠦ᠂ ᠡᠯ᠎ᠡ ᠬᠦᠷᠢᠶ᠎ᠡ ᠭᠡᠪᠴᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠳᠠᠯᠢ | ᠴᠢᠭᠯᠡᠯ ᠢᠶᠠᠷ ᠬᠦᠴᠦᠯᠡᠬᠦ᠂ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠥᠭᠡᠷᠡᠴᠢᠯᠡᠯᠲᠡ ᠶᠢᠨ | ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠥᠨᠳᠥᠷ | ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ | ᠵᠡᠷᠭᠡ ᠠᠷᠪᠠᠨ ᠲᠦᠷᠪᠡᠨ ᠲᠠᠯ᠎ᠠ ᠠᠴᠠ ᠥᠭᠡᠷᠡᠴᠢᠯᠡᠯᠲᠡ ᠶᠢᠨ ᠠᠵᠢᠯ ᠢ ᠬᠦᠴᠦᠯᠡᠨ ᠰᠠᠶᠢᠲᠤᠷ ᠠᠳᠬᠤᠵᠤ᠂ | ᠥᠭᠡᠷᠡᠴᠢᠯᠡᠯᠲᠡ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ | ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠬᠦ ᠬᠡᠷᠡᠭᠲᠡᠢ ᠃ |