ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ ᠬᠦᠭᠵᠢᠭᠦᠯᠵᠦ ᠠᠷᠠᠳ ᠢ ᠪᠠᠶᠠᠵᠢᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/8/29
      ᠮᠠᠯᠵᠢᠬᠤ ᠤᠷᠤᠨ ᠤ ᠤᠳᠤᠬᠢᠴᠢᠯᠠᠯᠳᠠ ᠶᠢ ᠲᠦᠯᠬᠢᠨ ᠠᠬᠢᠭᠤᠯᠬᠤ ᠶᠢᠨ ᠲᠦᠯᠦᠭᠡ᠂2024 ᠤᠨ ᠤ3 ᠳ᠋ᠤᠭᠠᠷ ᠰᠠᠷ᠎ᠠ ᠠᠴᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠯ᠎ᠡ ᠲᠤᠮᠳᠠᠳᠦ ᠶᠢᠨ ᠦᠨᠳᠦᠰᠦᠳᠡᠨ ᠴᠤᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠵᠦ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠦᠭᠵᠢᠭᠦᠯᠵᠦ ᠠᠷᠠᠳ ᠢ ᠪᠠᠶᠠᠵᠢᠭᠤᠯᠬᠤ︾ ᠢᠨᠵᠧᠨᠧᠷᠢᠩ ᠢ ᠬᠦᠨᠵᠡᠭᠡᠢ ᠠᠬᠢᠭᠤᠯᠵᠦ᠂ ᠰᠢᠨ᠎ᠡ ᠡᠨᠧᠷᠬᠢ ᠶᠢᠨ ᠬᠡᠷᠡᠯ  ᠢᠶᠠᠷ ᠴᠠᠬᠢᠯᠠᠭᠠᠨ ᠭᠠᠷᠭᠠᠬᠤ ᠲᠦᠬᠦᠭᠡᠷᠦᠮᠵᠢ ᠶᠢ ᠤᠭᠰᠠᠷᠠᠬᠤ ᠲᠦᠷᠦᠯ ᠵᠦᠢᠯ ᠢ ᠪᠠᠶᠠᠠᠬᠤᠸᠠ ᠪᠠᠯᠭᠠᠰᠤ᠂ ᠴᠠᠭᠠᠠᠬᠠᠳᠠ ᠰᠤᠮᠤ᠂ ᠮᠢᠩᠭᠠᠨ ᠪᠠᠯᠭᠠᠰᠤ᠂ ᠮᠠᠨᠳᠤᠯ ᠪᠠᠯᠭᠠᠰᠤᠨ ᠤ16 ᠡᠷᠦᠬᠡ ᠮᠠᠯᠴᠢᠨ ᠠᠶᠢᠯ ᠳᠤ ᠬᠡᠷᠡᠭᠵᠢᠭᠦᠯᠵᠦ᠂ ᠰᠢᠨ᠎ᠡ ᠡᠨᠧᠷᠬᠢ ᠶᠢᠨ ᠬᠡᠷᠡᠯ ᠢᠶᠠᠷ ᠴᠠᠬᠢᠯᠭᠠᠨ ᠭᠠᠷᠭᠠᠬᠤ ᠲᠦᠭᠦᠬᠡᠷᠦᠮᠵᠢ ᠶᠢ ᠤᠭᠰᠠᠷᠠᠨ ᠲᠤᠨᠤᠭᠯᠠᠭᠰᠠᠨ ᠪᠦᠭᠡᠳ ᠤᠶᠢᠷ᠎ᠠ ᠳᠤ᠂ ᠲᠤᠰ ᠲᠦᠷᠦᠯ ᠵᠦᠢᠯ ᠤᠨ ᠠᠵᠢᠯ ᠢ ᠪᠦᠬᠦᠳᠡ ᠶᠢ ᠲᠠᠭᠤᠰᠬᠠᠵᠦ᠂16 ᠡᠷᠦᠬᠡ ᠮᠠᠯᠴᠢᠨ ᠠᠶᠢᠯ ᠳᠤ ᠴᠦᠮ ᠴᠠᠬᠢᠯᠭᠠᠨ ᠨᠡᠪᠳᠡᠷᠡᠭᠦᠯᠪᠡ᠃
微信图片_20240829092442.jpg
      ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠦᠭᠵᠢᠭᠦᠯᠵᠦ ᠠᠷᠠᠳ ᠢ ᠪᠠᠶᠠᠵᠢᠭᠤᠯᠬᠤ︾ ᠢᠨᠵᠧᠨᠧᠷᠢᠩ ᠤᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠠᠭᠠᠯᠳᠤᠨ᠂ ᠪᠠᠶᠠᠠᠬᠤᠸᠠ ᠪᠠᠯᠭᠠᠰᠤᠨ ᠤ ᠪᠠᠶᠠᠠᠴᠠᠭᠠᠨ ᠭᠠᠴᠠᠭᠠᠨ ᠤ ᠮᠠᠯᠴᠢᠨ ᠨᠠᠰᠤᠵᠢᠷᠭᠠᠯ ᠴᠦ ᠰᠢᠨ᠎ᠡ ᠬᠤᠪᠢᠷᠠᠯᠳᠠ ᠭᠠᠷᠴᠦ᠂ ᠤᠶᠤᠨᠴᠢ ᠬᠢᠨᠠᠨ ᠡᠵᠡᠮᠳᠡᠯ ᠢᠶᠠᠷ ᠪᠡᠯᠴᠢᠭᠡᠷ ᠲᠠᠬᠢ ᠠᠳᠤᠭᠤ ᠮᠠᠯ ᠢᠶᠠᠨ ᠬᠠᠷᠠᠵᠦ᠂ ᠬᠤᠳᠳᠤᠭ ᠲᠡᠭᠡᠷ᠎ᠡ ᠢᠷᠡᠭᠰᠡᠨ ᠬᠤᠨᠢ ᠮᠠᠯ ᠢᠶᠠᠨ ᠴᠦ ᠤᠰᠤᠯᠠᠵᠦ᠂ ᠡᠳᠦᠷ ᠲᠤᠳᠤᠮ ᠤᠨ ᠠᠮᠢᠳᠤᠷᠠᠯ ᠨᠢ ᠨᠡᠩ ᠲᠦᠭᠦᠮ ᠲᠦᠳᠡ ᠪᠤᠯᠵᠦ᠂ ᠬᠤᠷᠰᠢᠶᠠᠵᠢᠯ ᠤᠨ ᠦᠢᠯᠡᠳᠪᠦᠷᠢᠯᠡᠯ ᠡᠵᠡᠩᠨᠡᠯᠳᠡ ᠨᠢ ᠤᠯᠠᠮ ᠤᠷᠤᠭᠰᠢᠳᠠᠢ ᠪᠤᠯᠤᠭᠰᠠᠨ ᠪᠠᠶᠢᠨ᠎ᠠ᠃ ︽ᠡᠨᠡ ᠡᠪᠦᠯ ᠪᠠᠰᠠ ᠴᠠᠬᠢᠯᠭᠠᠨ ᠢᠶᠠᠷ ᠲᠤᠯᠠᠭᠠᠯᠠᠭ᠎ᠠ ᠬᠢᠬᠦ ᠪᠠᠷ ᠲᠦᠯᠦᠪᠯᠡᠵᠦ ᠪᠠᠶᠢᠨ᠎ᠠ︾ ᠭᠡᠵᠦ ᠨᠠᠰᠤᠨᠵᠢᠷᠭᠠᠯ ᠶᠠᠷᠢᠵᠦ ᠪᠠᠶᠢᠯ᠎ᠠ᠃      ᠮᠢᠩᠭᠠᠨ ᠪᠠᠯᠭᠠᠰᠤᠨ ᠤ ᠪᠠᠶᠠᠠᠳᠠᠯ᠎ᠠ ᠭᠠᠴᠠᠭᠠᠨ ᠤ ᠰᠢᠶᠠᠩ ᠰᠢᠶᠤᠤ ᠫᠢᠩ᠂ ᠴᠠᠬᠢᠯᠭᠠᠨ ᠨᠡᠪᠳᠡᠷᠡᠬᠦ ᠠᠴᠠ ᠡᠮᠦᠨ᠎ᠡ᠂ ᠰᠠᠯᠬᠢᠨ ᠤ ᠬᠦᠴᠦ ᠪᠠᠷ ᠴᠠᠬᠢᠯᠠᠭᠠᠨ ᠭᠠᠷᠭᠠᠵᠦ᠂ ᠵᠦᠪᠬᠡᠨ ᠦᠨᠳᠦᠰᠦᠨ ᠬᠡᠷᠡᠭᠯᠡᠭᠡᠨ ᠤ ᠴᠠᠬᠢᠯᠭᠠᠨ ᠤ ᠬᠡᠷᠡᠭᠴᠡᠭᠡ ᠶᠢ ᠬᠠᠩᠭᠠᠳᠠᠭ ᠪᠠᠶᠢᠭᠰᠠᠨ ᠠᠴᠠ ᠲᠦᠷᠦᠯ ᠵᠦᠢᠯ ᠢ ᠬᠡᠷᠡᠭᠵᠢᠭᠦᠯᠦᠭᠰᠡᠨ ᠤ ᠲᠠᠷᠠᠭ᠎ᠠ᠂ ᠬᠦᠯᠳᠡᠭᠡᠭᠦᠷ᠂ ᠲᠧᠯᠸᠢᠰ᠂ ᠬᠤᠪᠴᠠᠰᠦ ᠤᠬᠢᠶᠠᠬᠤ ᠮᠠᠰᠢᠨ ᠵᠡᠷᠭᠡ ᠲᠤᠮᠤ ᠴᠢᠳᠠᠮᠵᠢᠳᠦ ᠴᠠᠬᠢᠯᠭᠠᠨ ᠬᠡᠷᠡᠭᠰᠡᠯ ᠢ ᠬᠡᠷᠡᠭᠯᠡᠵᠦ ᠡᠬᠢᠯᠡᠪᠡ᠃
微信图片_20240829092452.jpg
      ᠲᠤᠰ ᠣᠳᠠᠭᠠᠨ ᠤ ᠴᠠᠬᠢᠯᠭᠠᠨ ᠭᠠᠷᠭᠠᠬᠤ ᠲᠦᠷᠦᠯ ᠵᠦᠢᠯ ᠢ ᠠᠮᠵᠢᠯᠳᠠ ᠲᠠᠢ ᠬᠡᠷᠡᠭᠵᠢᠭᠦᠯᠦᠭᠰᠡᠨ ᠨᠢ ᠠᠷᠠᠳ  ᠤᠨ ᠠᠮᠢᠳᠤᠷᠠᠯ ᠳᠤ ᠲᠦᠭᠦᠮ ᠦᠵᠡᠭᠦᠯᠵᠦ᠂ ᠮᠠᠯᠵᠢᠬᠤ ᠤᠷᠤᠨ ᠳᠤ ᠰᠠᠭᠤᠷᠢ ᠲᠦᠭᠦᠭᠡᠷᠦᠮᠵᠢ ᠶᠢ ᠲᠦᠷᠭᠡᠨ ᠨᠦᠬᠦᠪᠦᠷᠢᠯᠡᠨ᠂ ᠮᠠᠯᠵᠢᠬᠤ ᠤᠷᠤᠨ ᠤ ᠤᠳᠤᠬᠢᠴᠢᠯᠠᠯᠳᠠ ᠶᠢ ᠠᠬᠢᠭᠤᠯᠵᠦ᠂ ᠮᠠᠯᠴᠢᠳ ᠲᠤ ᠪᠤᠳᠠᠳᠠᠢ ᠠᠵᠢᠯ ᠬᠢᠵᠦ᠂ ᠵᠢᠩᠭᠢᠨᠢ ᠠᠰᠠᠭᠤᠳᠠᠯ ᠢ ᠨᠢ ᠰᠢᠢᠳᠪᠦᠷᠢᠯᠡᠵᠦ ᠦᠭᠭᠦᠭᠰᠡᠨ ᠰᠠᠶᠢᠨ ᠦᠢᠯᠡ ᠠᠵᠢᠯᠯᠠᠭ᠎ᠠ ᠪᠤᠯᠪᠠ ᠃
微信图片_20240829092455.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号