ᠵᠢᠶᠠ ᠪᠦᠦ ᠯᠢᠶᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠪᠡᠷᠬᠦ᠋ᠷᠢᠶ᠎ᠡ ᠲᠡᠮᠦᠷ ᠤᠨ ᠠᠭᠤᠷᠬᠠᠶ ᠶᠢᠨ ᠪᠦᠯᠦᠭᠯᠡᠯ ᠤᠨ ᠺᠣᠮᠫᠠᠨᠢ ᠶᠢᠨ ᠡᠭᠦᠳᠦᠭᠴᠢ ᠯᠢ ᡁᠢ ᠴᠢᠶᠠᠩ ᠨᠠᠷ ᠬᠤᠷᠠᠯ ᠳᠤ  ᠤᠷᠤᠯᠴᠠᠪᠠ ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠤᠭᠠᠴᠠᠯ ᠤᠨ ᠬᠥᠭᠵᠢᠯᠲᠡ ᠶᠢᠨ ᠬᠠᠨᠳᠤᠰᠢ ᠶᠢ ᠪᠦᠬᠦ ᠲᠠᠯ᠎ᠠ ᠪᠠᠷ ᠤᠯᠠᠨ ᠲᠠᠯ᠎ᠠ ᠠᠴᠠ ᠵᠠᠳᠠᠯᠵᠤ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠤᠭᠠᠴᠠᠯ ᠤᠨ ᠠᠭᠤᠰᠤᠯᠴᠠᠯ᠂ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ᠂ ᠡᠳ᠋ ᠬᠦᠷᠦᠩᠭᠡ ᠶᠢᠨ ᠡᠵᠡᠩᠨᠡᠯᠲᠡ᠂ ᠬᠡᠷᠡᠭᠯᠡᠯᠲᠡ᠂ ᠬᠠᠮᠲᠤᠷᠠᠯᠴᠠᠭᠠᠨ ᠤ ᠰᠠᠨᠠᠮᠵᠢ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠪᠠ᠃  ᠲᠤᠬᠠᠢ ᠶᠢᠨ ᠲᠠᠯᠠᠪᠠᠢ ᠳᠤ ᠤᠯᠠᠨ ᠢᠶᠠᠷ ᠢᠶᠠᠨ ᠤᠶᠤᠨ ᠤᠬᠠᠭᠠᠨ ᠢᠶᠠᠨ ᠲᠥᠪᠯᠡᠷᠡᠭᠦᠯᠵᠦ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠳᠤ ᠬᠠᠮᠲᠤᠪᠠᠷ ᠠᠷᠭ᠎ᠠ ᠤᠬᠠᠭᠠᠨ ᠰᠦᠪᠡᠭᠴᠢᠯᠡᠪᠡ᠃      ᠵᠢᠶᠠ ᠪᠦᠦ ᠯᠢᠶᠠᠩ ᠰᠢᠪᠡᠷᠬᠦ᠋ᠷᠢᠶ᠎ᠡ ᠲᠡᠮᠦᠷ ᠤᠨ ᠠᠭᠤᠷᠬᠠᠢ ᠢᠮᠠᠭᠲᠠ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠳᠤ ᠦᠨᠳᠦᠰᠦᠯᠡᠵᠦ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ  ᠳᠤ ᠲᠠᠯᠠᠷᠬᠠᠵᠤ᠂ ᠠᠵᠤ ᠠᠬᠤᠶᠢᠯᠠᠯ ᠤᠨ ᠰᠣᠶᠣᠯ ᠵᠤᠭᠠᠴᠠᠯ ᠤᠨ ᠬᠦᠷᠢᠶᠡᠨ ᠳᠤ ᠣᠯᠤᠭᠰᠠᠨ ᠠᠮᠵᠢᠯᠲᠠ ᠪᠦᠲᠦᠮᠵᠢ ᠳᠤ ᠪᠠᠶᠠᠷ  ᠬᠦᠷᠭᠡᠵᠦ ᠪᠠᠶᠢᠬᠤ ᠪᠠᠨ ᠢᠯᠡᠳᠭᠡᠪᠡ᠃ ᠵᠢᠶᠠ ᠪᠦᠦ ᠯᠢᠶᠠᠩ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡ ᠰᠣᠶᠣᠯ ᠭᠦᠨ ᠵᠤᠵᠠᠭᠠᠨ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠰᠣᠶᠣᠯ ᠵᠤᠭᠠᠴᠠᠯ ᠤᠨ ᠡᠬᠢ ᠪᠠᠶᠠᠯᠢᠭ ᠥᠪᠡᠷᠮᠢᠴᠡ ᠣᠨᠴᠠᠯᠢᠭ ᠲᠠᠢ ᠪᠠᠶᠢᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠦᠬᠦ ᠬᠦᠷᠢᠶ᠎ᠡ ᠴᠠᠷ᠎ᠠ᠂ ᠪᠦᠬᠦ ᠤᠯᠠᠷᠢᠯ ᠤᠨ ᠵᠤᠭᠠᠴᠠᠯ ᠤᠨ ᠰᠢᠨ᠎ᠡ ᠶᠢ ᠡᠭᠦᠳᠬᠦ ᠬᠡᠷᠡᠭᠲᠡᠢ᠃ ᠣᠯᠠᠨ ᠡᠰᠢᠵᠢᠭᠰᠡᠨ  ᠠᠬᠤᠢ ᠲᠠᠯᠠᠪᠠᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠦᠵᠡᠮᠵᠢ ᠶᠢᠨ ᠴᠡᠭ ᠦᠵᠡᠮᠵᠢ ᠶᠢᠨ ᠣᠷᠣᠨ ᠤ ᠬᠤᠯᠪᠣᠭᠠᠯᠠᠨ ᠬᠥᠳᠡᠯᠦᠯᠴᠡᠬᠦ ᠶᠢ ᠰᠠᠶᠢᠲᠤᠷ ᠠᠳᠬᠤᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠰᠣᠶᠣᠯ ᠢᠶᠠᠷ ᠵᠤᠭᠠᠴᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ ᠂ ᠢᠳᠡᠵᠦ ᠤᠤᠭᠤᠬᠤ ᠬᠤᠨᠣᠵᠤ ᠬᠡᠪᠲᠡᠬᠦ ᠵᠤᠭᠠᠴᠠᠨ ᠲᠣᠭᠤᠷᠢᠬᠤ ᠵᠤᠭ᠎ᠠ ᠴᠡᠩᠭᠡᠯ ᠤᠨ ᠠᠵᠤ ᠦᠢᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠲᠤᠳᠠᠭᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠰᠣᠶᠣᠯ ᠵᠤᠭᠠᠴᠠᠯ ᠤᠨ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠠᠳᠬᠤᠵᠤ᠂ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ ᠠᠰᠢᠭᠯᠠᠬᠤ ᠶᠢ ᠠᠬᠢᠭᠤᠯᠵᠤ᠂ ᠠᠯᠤᠰ ᠬᠡᠳᠤ ᠶᠢᠨ ᠲᠠᠩᠰᠠ᠂ ᠠᠵᠤ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠬᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠬᠥᠳᠡᠯᠭᠡᠭᠦᠷ ᠪᠠ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠢᠷᠢ ᠲᠣᠭᠲᠠᠭᠠᠯᠲᠠ ᠪᠠ ᠴᠢᠭᠯᠡᠯ ᠢᠶᠠᠨ ᠣᠨᠣᠪᠴᠢᠲᠠᠶ ᠣᠯᠵᠤ᠂ ᠣᠳᠣᠬᠢᠴᠢᠯᠠᠭᠰᠠᠨ᠂ ᠪᠣᠬᠢᠷᠲᠤᠯ ᠥᠬᠡᠶ᠂ ᠤᠶᠤᠨᠴᠢᠯᠠᠭᠰᠠᠨ ᠬᠥᠭᠵᠢᠯᠲᠡ ᠶᠢ ᠪᠠᠷᠢᠮᠲᠠᠯᠠᠵᠤ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠳᠠᠪᠠᠭᠤᠯᠢᠭ ᠲᠤ ᠲᠦᠰᠢᠭᠯᠡᠨ᠂  ᠬᠠᠭᠤᠴᠢᠨ ᠢᠶᠠᠨ ᠤᠷᠬᠢᠵᠦ ᠰᠢᠨ᠎ᠡ ᠶᠢ ᠡᠭᠦᠳᠴᠦ᠂ ᠬᠠᠩᠭᠠᠯᠭ᠎ᠠ ᠶᠢ ᠪᠠᠶᠠᠯᠢᠭᠵᠢᠭᠤᠯᠵᠤ᠂ ᠬᠤᠪᠢᠰᠬᠠᠯ ᠤᠨ ᠰᠣᠶᠣᠯ᠂ ᠰᠤᠳᠤᠯᠤᠨ ᠰᠤᠷᠤᠯᠴᠠᠬᠤ᠂ ᠡᠷᠡᠭᠦᠯᠵᠢᠯ ᠰᠤᠪᠢᠯᠠᠯᠲᠠ᠂ ᠰᠡᠯᠡᠭᠦᠴᠡᠯ᠂ ᠵᠤᠭ᠎ᠠ ᠴᠡᠩᠭᠡᠯ ᠵᠡᠷᠭᠡ ᠲᠠᠯ᠎ᠠ ᠶᠢᠨ ᠲᠣᠭᠤᠷᠢᠨ ᠳᠤ᠂ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠢᠯ ᠲᠥᠷᠥᠯ ᠤᠨ ᠥᠷᠢᠰᠦᠯᠳᠦᠬᠦ ᠬᠦᠴᠦᠨ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ  ᠪᠠᠶᠢᠭᠤᠯᠭ᠎ᠠ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ  ᠨᠠᠶᠢᠳᠠᠪᠤᠷᠢᠵᠢᠭᠤᠯᠤᠨ᠂ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠤᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠶᠡᠭᠡ ᠪᠠᠷ ᠬᠥᠭᠵᠢᠭᠦᠯᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠡᠶ᠃       ᠯᠢ ᡁᠢ ᠴᠢᠶᠠᠩ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠰᠠᠭᠤᠷᠢᠯᠠᠵᠤ᠂ ᠬᠠᠮᠤᠭ ᠤᠨ ᠶᠡᠭᠡ ᠴᠢᠷᠮᠠᠶᠢᠯᠭ᠎ᠠ  ᠪᠠᠷ ᠢᠶᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠣᠳᠣᠬᠠᠨ ᠤ ᠵᠤᠭᠠᠴᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠳᠤ ᠴᠢᠭᠯᠡᠭᠦᠯᠦᠨ᠂ ᠭᠦᠨᠵᠡᠭᠡᠢ ᠰᠣᠯᠢᠯᠴᠠᠭ᠎ᠠ ᠬᠠᠮᠲᠤᠷᠠᠯᠴᠠᠭ᠎ᠠ ᠬᠢᠵᠦ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠠᠷᠭ᠎ᠠ ᠵᠠᠮ ᠤᠨ ᠬᠠᠶᠢᠨ ᠰᠦᠪᠡᠭᠴᠢᠯᠡᠯᠲᠡ ᠪᠠᠷ ᠳᠠᠮᠵᠢᠭᠤᠯᠵᠤ᠂ ᠬᠠᠮᠲᠤᠪᠠᠷ ᠤᠯᠠᠨ ᠲᠠᠯ᠎ᠠ ᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号