ᠵᠢᠭᠤᠯᠴᠢᠯᠠᠯ ᠤᠨ ᠪᠠᠶᠠᠷ ᠤᠨ ᠬᠤᠭᠤᠴᠠᠭᠠᠨ ᠳᠤ᠂ ᠮᠢᠩᠭᠠᠨ ᠪᠠᠯᠭᠠᠰᠤ 18 ᠲᠦᠮᠡ ᠭᠠᠷᠤᠢ ᠦᠬᠡᠷ ᠬᠤᠨᠢᠨ ᠮᠢᠬ᠎ᠠ ᠬᠤᠳᠠᠯᠳᠤᠪᠠ
ᠨᠡᠶᠢᠲᠡᠯᠡᠭᠰᠡᠨ ᠴᠠᠭ᠄
2024/8/31
      ᠰᠤᠶᠤᠯ ᠤᠨ ᠵᠢᠭᠤᠯᠴᠢᠯᠠᠯ ᠲᠠᠪᠴᠠᠩ ᠪᠠᠶᠢᠭᠤᠯᠤᠨ᠂ ᠠᠵᠤ ᠠᠬᠤᠢ ᠶᠢᠨ ᠰᠢ ᠳᠠᠭᠤᠯᠠᠵᠤ᠂ 8 ᠰᠠᠷ᠎ᠠ ᠶᠢᠨ 30 ᠤ ᠡᠳᠦᠷ᠂ ᠮᠢᠩᠭᠠᠨ ᠪᠠᠯᠭᠠᠰᠤᠨ ᠤ ᠶᠢᠰᠦᠳᠦᠭᠡᠷ ᠬᠤᠭᠤᠴᠠᠭᠠᠨ ᠤ ᠬᠠᠰᠠᠷ ᠪᠣᠳᠠᠰ ᠤᠨ ᠪᠤᠰᠤ ᠰᠣᠶᠣᠯ ᠵᠢᠭᠤᠯᠴᠢᠯᠠᠯ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠡᠯᠭᠡᠨ ᠪᠣᠷᠣᠯᠠᠭᠤᠯᠬᠤ ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ ᠡᠷᠬᠢᠯᠡᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠮᠢᠩᠭᠠᠨ ᠪᠠᠯᠭᠠᠰᠤ ᠬᠠᠷᠢᠶ᠎ᠠ ᠣᠷᠣᠨ ᠤ ᠮᠠᠯᠴᠢᠳ ᠲᠤ 18.8 ᠲᠦᠮᠡᠨ ᠲᠥᠭᠦᠷᠢᠭ ᠤᠨ ᠦᠬᠡᠷ ᠬᠤᠨᠢᠨ ᠮᠢᠬ᠎ᠠ ᠶᠢ ᠠᠮᠵᠢᠯᠲᠠ ᠲᠠᠢ ᠬᠤᠳᠠᠯᠳᠤᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠤᠯᠠᠭᠠᠨᠮᠥ᠋ᠴᠢᠷ ᠪᠣᠯᠤᠨ ᠮᠢᠩᠭᠠᠨ ᠪᠠᠯᠭᠠᠰᠤᠨ ᠤ ᠠᠷᠠᠳ ᠤᠨ ᠳᠠᠭᠤᠴᠢᠨ ᠬᠠᠮᠲᠤ ᠪᠠᠷ ᠮᠠᠰᠢ ᠰᠠᠶᠢᠨ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ ᠠᠷᠠᠳ ᠤᠨ ᠳᠠᠭᠤᠴᠢᠨ ᠤ ᠳᠠᠭᠤᠯᠠᠭᠰᠠᠨ ᠲᠠᠯ᠎ᠠ ᠨᠤᠲᠤᠭ ᠤᠨ ᠠᠷᠠᠳ ᠤᠨ ᠳᠠᠭᠤᠤ ᠶᠠᠭ ᠯᠠ ᠲᠩᠷᠢ ᠶᠢᠨ ᠬᠠᠶᠠᠭᠠᠨ ᠳᠤ ᠴᠤᠤᠷᠢᠶᠠᠲᠤᠵᠤ᠂ ᠪᠦᠵᠢᠭᠴᠢᠳ ᠠᠴᠠ ᠠᠮᠢᠳᠤᠯᠢᠭ ᠪᠥᠵᠢᠭ ᠤᠨ ᠠᠯᠬᠤᠮ ᠢᠶᠠᠷ ᠢᠶᠠᠨ ᠲᠠᠯ᠎ᠠ ᠨᠤᠲᠤᠭ ᠤᠨ ᠠᠷᠠᠳ ᠲᠦᠮᠡᠨ ᠤ ᠬᠠᠯᠠᠭᠤᠨ ᠰᠡᠳᠬᠢᠯᠭᠡ ᠪᠠ ᠣᠷᠭᠢᠯᠤᠮ᠎ᠠ ᠬᠠᠯᠠᠭᠤᠨ ᠰᠡᠳᠬᠢᠯᠭᠡ ᠶᠢ ᠲᠣᠭᠯᠠᠵᠤ ᠪᠠᠶᠢᠯ᠎ᠠ᠃ ᠪᠥᠵᠢᠭ ︽ᠮᠣᠷᠢᠨ ᠨᠢᠷᠤᠭᠤᠨ ᠥᠯᠥᠭᠡᠶ︾ ᠨᠢ ᠭᠤᠶᠢᠳᠠ ᠰᠠᠶᠢᠬᠠᠨ ᠪᠥᠵᠢᠭ ᠢᠶᠠᠷ ᠲᠠᠯ᠎ᠠ ᠨᠤᠲᠤᠭ ᠤᠨ ᠬᠠᠶᠢᠷ᠎ᠠ ᠰᠡᠳᠬᠢᠯᠭᠡ ᠪᠠ ᠬᠦᠴᠦᠨ ᠴᠢᠳᠠᠯ ᠢ ᠢᠯᠡᠷᠡᠭᠦᠯᠵᠦ᠂ ᠳᠥᠷᠪᠡᠨ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ᠲᠠᠯ᠎ᠠ ᠨᠤᠲᠤᠭ ᠤᠨ ᠮᠠᠯᠴᠢᠳ ᠤᠨ ᠳᠠᠭᠤᠤ︾ ᠶᠢᠨ ᠢᠷᠠᠭᠤ ᠰᠠᠶᠢᠬᠠᠨ ᠬᠥᠭ ᠠᠶᠠᠰ ᠨᠢ ᠬᠥᠮᠦᠰ ᠢ ᠥᠷᠭᠡᠨ ᠠᠭᠤᠳᠠᠮ ᠲᠠᠯ᠎ᠠ ᠨᠤᠲᠤᠭ ᠤᠨ ᠭᠦᠨ ᠳᠤ ᠣᠷᠣᠭᠤᠯᠵᠤ᠂ ᠮᠣᠷᠢᠨ ᠬᠤᠭᠤᠷ ᠤᠨ ᠬᠥᠭᠵᠢᠮ ︽ᠳᠡᠭᠦᠯᠢᠨ ᠨᠢᠰᠴᠦ ᠪᠠᠶᠢᠭ᠎ᠠ ᠴᠠᠭᠠᠨ ᠮᠣᠷᠢ︾ ᠶᠢᠨ ᠰᠦᠷ ᠵᠢᠪᠬᠤᠯᠠᠩᠲᠤ ᠬᠥᠭ ᠠᠶᠠᠰ ᠢᠶᠠᠷ ᠬᠥᠮᠦᠰ ᠲᠤ ᠲᠠᠯ᠎ᠠ ᠨᠤᠲᠤᠭ ᠤᠨ ᠣᠮᠤᠭ ᠰᠦᠷ ᠪᠠ ᠣᠷᠭᠢᠯᠤᠮ᠎ᠠ ᠬᠠᠯᠠᠭᠤᠨ ᠰᠡᠳᠬᠢᠯᠭᠡ ᠶᠢ ᠮᠡᠳᠡᠷᠡᠭᠦᠯᠵᠦ᠂ ᠨᠢᠭᠡ ᠤᠳᠠᠭᠠᠨ ᠤ ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠤᠨ ᠬᠦᠷᠢᠶᠡᠯᠡᠯ ᠢ ᠣᠯᠤᠭᠰᠠᠨ ᠪᠠᠶᠢᠨ᠎ᠠ᠃      ᠳᠠᠷᠠᠭ᠎ᠠ ᠨᠢ ᠶᠠᠪᠤᠭᠳᠠᠭᠰᠠᠨ ᠦᠬᠡᠷ ᠬᠤᠨᠢᠨ ᠮᠢᠬ᠎ᠠ ᠶᠢ ᠲᠠᠨᠢᠯᠴᠠᠭᠤᠯᠬᠤ ᠶᠡᠭᠡ ᠬᠤᠷᠠᠯ ᠳᠡᠭᠡᠷ᠎ᠡ᠂ ᠮᠢᠩᠭᠠᠨ ᠪᠠᠯᠭᠠᠰᠤ ᠪᠣᠯᠤᠨ ᠮᠦ ᠯᠠᠢ ᠭᠧ ᠮᠢᠬᠠᠨ ᠤ ᠦᠢᠯᠡᠰ ᠬᠠᠮᠲᠤᠷᠠᠯᠴᠠᠵᠤ᠂ ᠵᠢᠩ ᠪᠦᠷᠢ ᠳᠡᠭᠡᠨ ᠵᠠᠬ᠎ᠠ ᠳᠡᠯᠭᠡᠭᠦᠷ ᠤᠨ ᠦᠨ᠎ᠡ ᠠᠴᠠ ᠬᠤᠶᠠᠷ ᠲᠥᠭᠦᠷᠢᠭ ᠦᠨᠳᠦᠷ ᠦᠨ᠎ᠡ ᠪᠠᠷ ᠮᠠᠯᠴᠢᠳ ᠤᠨ ᠦᠬᠡᠷ ᠬᠤᠨᠢᠨ ᠮᠢᠬ᠎ᠠ ᠶᠢ ᠬᠤᠳᠠᠯᠳᠤᠨ ᠠᠪᠤᠭᠰᠠᠨ ᠪᠥᠭᠡᠳ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠠᠷᠢᠶ᠎ᠠ ᠣᠷᠣᠨ ᠤ ᠠᠵᠤ ᠠᠬᠤᠶᠢᠯᠠᠯ ᠨᠢᠭᠡᠴᠢ ᠲᠠᠢ ᠬᠤᠳᠠᠯᠳᠤᠨ ᠠᠪᠴᠤ ᠪᠣᠷᠣᠯᠠᠭᠤᠯᠬᠤ ᠭᠡᠷ᠎ᠡ ᠲᠣᠭᠲᠠᠵᠤ᠂ ᠲᠣᠰ ᠡᠳᠦᠷ ᠲᠤ ᠦᠬᠡᠷ ᠬᠤᠨᠢᠨ ᠮᠢᠬ᠎ᠠ ᠪᠣᠷᠣᠯᠠᠭᠤᠯᠬᠤ ᠵᠠᠬᠢᠶᠠᠯᠠᠭ᠎ᠠ ᠶᠢᠨ ᠬᠠᠭᠤᠳᠠᠰᠤ ᠳᠡᠭᠡᠷ᠎ᠡ ᠭᠠᠷ ᠤᠨ ᠥᠰᠥᠭ ᠵᠢᠷᠤᠵᠤ 18.8 ᠲᠦᠮᠡᠨ ᠲᠥᠭᠦᠷᠢᠭ ᠪᠣᠷᠣᠯᠠᠭᠤᠯᠪᠠ᠃ ᠵᠠᠯᠭᠠᠭᠠᠳ ᠮᠢᠩᠭᠠᠨ ᠪᠠᠯᠭᠠᠰᠤ ᠪᠠᠰᠠ ᠵᠠᠬᠢᠶᠠᠯᠠᠭ᠎ᠠ ᠶᠢᠨ ᠬᠠᠭᠤᠳᠠᠰᠤ ᠶᠢ ᠤᠯᠠᠮ ᠨᠢᠭᠡ ᠠᠯᠬᠤᠮ ᠡᠷᠢᠯᠬᠢᠯᠡᠵᠦ᠂ ᠵᠠᠬᠢᠶᠠᠯᠠᠭ᠎ᠠ ᠶᠢᠨ ᠬᠠᠭᠤᠳᠠᠰᠤ ᠶᠢ ᠮᠥᠷᠳᠡᠵᠦ᠂ ᠵᠠᠬᠢᠶᠠᠯᠠᠭ᠎ᠠ ᠶᠢ ᠪᠡᠶᠡᠯᠡᠭᠦᠯᠵᠦ᠂ ᠲᠤᠬᠠᠢ ᠶᠢᠨ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠠᠬᠢᠭᠤᠯᠬᠤ ᠶᠢᠨ ᠲᠥᠯᠥᠭᠡ ᠦᠷᠭᠦᠯᠵᠢᠯᠡᠨ ᠬᠦᠴᠦᠯᠡᠬᠦ ᠪᠣᠯᠤᠨ᠎ᠠ᠃      ᠲᠤᠰ ᠬᠤᠭᠤᠴᠠᠭᠠᠨ ᠤ ᠵᠢᠭᠤᠯᠴᠢᠯᠠᠯ ᠤᠨ ᠨᠠᠶᠢᠷ ᠪᠠᠰᠠ ᠠᠩᠬᠠᠷᠤᠭᠤᠰᠢᠲᠠᠢ ᠵᠦᠢᠯ ᠭᠡᠪᠡᠯ ᠰᠤᠷ ᠬᠠᠷᠪᠤᠬᠤ ᠤᠷᠤᠯᠳᠤᠭᠠᠨ ᠤ ᠲᠦᠰᠦᠯ ᠪᠣᠯᠤᠨ᠎ᠠ᠂ ᠬᠠᠮᠤᠭ ᠥᠨᠳᠥᠷ ᠨᠢ 1 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠶᠢ ᠪᠦᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ 400 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠤ ᠂ ᠲᠠᠮᠢᠷᠴᠢᠳ ᠤᠷᠤᠯᠳᠤᠭᠠᠨ ᠤ ᠲᠠᠯᠠᠪᠤᠷ ᠲᠤ ᠦᠨᠳᠦᠰᠦᠲᠡᠨ ᠤ ᠬᠤᠪᠴᠠᠰᠤ ᠵᠠᠰᠠᠯ ᠡᠮᠦᠰᠴᠦ᠂ ᠥᠪᠡᠷ ᠤᠨ ᠭᠤᠶᠢᠳᠠ ᠰᠠᠶᠢᠬᠠᠨ ᠤᠷ᠎ᠠ ᠮᠡᠷᠭᠡᠵᠢᠯ ᠢᠶᠠᠨ ᠢᠯᠡᠷᠡᠭᠦᠯᠵᠦ᠂ ᠬᠠᠮᠤᠭ ᠥᠨᠳᠥᠷ ᠱᠠᠩᠨᠠᠯ ᠤᠨ ᠮᠥᠩᠭᠦ ᠶᠢ ᠲᠡᠮᠡᠴᠡᠨ ᠣᠯᠬᠤ ᠪᠠᠷ ᠴᠢᠷᠮᠠᠶᠢᠵᠠᠭᠠᠨ᠎ᠠ᠃      ︽ᠪᠢᠳᠡ ᠡᠨᠡ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠵᠣᠷᠢᠯᠭ᠎ᠠ ᠨᠢ ᠳᠠᠷᠤᠶ ᠪᠣᠳᠠᠰ ᠤᠨ ᠪᠤᠰᠤ ᠰᠣᠶᠣᠯ ᠤᠨ ᠠᠵᠢᠯᠯᠠᠭ᠎ᠠ ᠪᠠᠷ ᠳᠠᠮᠵᠢᠭᠤᠯᠤᠨ ᠠᠵᠤ ᠠᠬᠤᠶᠢᠯᠠᠯ᠂ ᠵᠤᠭᠠᠴᠠᠭᠰᠠᠳ ᠵᠢᠴᠢ ᠮᠠᠯᠴᠢᠨ ᠨᠠᠶᠢᠵᠠ ᠨᠠᠷ ᠢ ᠲᠡᠳᠡᠨ ᠠᠪᠴᠢᠷᠠᠵᠤ᠂ ᠮᠠᠨ ᠤ ᠦᠬᠡᠷ ᠬᠤᠨᠢᠨ ᠮᠢᠬᠠᠨ ᠤ ᠰᠢᠯᠢᠳᠡᠭ ᠪᠦᠲᠦᠭᠡᠭᠳᠡᠬᠦᠨ ᠢ ᠳᠡᠯᠭᠡᠷᠡᠭᠦᠯᠦᠨ ᠭᠠᠷᠭᠠᠵᠤ᠂ ᠮᠠᠯᠴᠢᠳ ᠤᠨ ᠠᠰᠢᠭ ᠣᠷᠣᠯᠭ᠎ᠠ ᠶᠢ ᠦᠨᠡᠨ ᠬᠦ ᠨᠡᠮᠡᠭᠳᠡᠭᠦᠯᠵᠦ᠂ ᠲᠠᠯ᠎ᠠ ᠨᠤᠲᠤᠭ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ ᠳᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠤ ᠲᠠᠯ᠎ᠠ ᠨᠤᠲᠤᠭ ᠤᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠪᠠ ᠪᠣᠳᠠᠰ ᠤᠨ ᠪᠤᠰᠤ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠤᠶᠠᠯᠳᠤᠭᠤᠯᠵᠤ᠂ ᠨᠡᠩ ᠤᠯᠠᠨ ᠮᠠᠯᠴᠢᠳ ᠲᠤ ᠠᠰᠢᠭ ᠬᠦᠷᠲᠡᠭᠡᠨ᠎ᠡ᠃ ᠮᠢᠩᠭᠠᠨ ᠪᠠᠯᠭᠠᠰᠤᠨ ᠤ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠺᠠᠩ ᡁᠢ ᠹᠦ᠋ ᠬᠡᠯᠡᠬᠦ ᠳᠡᠭᠡᠨ᠂ ᠡᠶᠢᠮᠦ ᠠᠵᠢᠯᠯᠠᠭ᠎ᠠ ᠪᠠᠷ ᠳᠠᠮᠵᠢᠨ ᠮᠢᠩᠭᠠᠨ ᠪᠠᠯᠭᠠᠰᠤ ᠶᠢ ᠤᠬᠠᠭᠤᠯᠵᠤ᠂ ᠨᠠᠩ ᠣᠯᠠᠨ ᠨᠠᠶᠢᠵᠠ ᠨᠠᠷ ᠮᠢᠩᠭᠠᠨ ᠪᠠᠯᠭᠠᠰᠤᠨ ᠳᠤ ᠢᠷᠡᠵᠦ᠂ ᠮᠢᠩᠭᠠᠨ ᠪᠠᠯᠭᠠᠰᠤ ᠶᠢ ᠣᠶᠢᠯᠠᠭᠠᠬᠤ ᠶᠢ ᠬᠦᠰᠡᠵᠦ ᠪᠠᠶᠢᠨ᠎ᠠ ᠭᠡᠵᠡᠶ᠃      ᠮᠢᠩᠭᠠᠨ ᠪᠠᠯᠭᠠᠰᠤ ᠶᠢᠰᠦᠳᠦᠭᠡᠷ ᠬᠤᠭᠤᠴᠠᠭᠠᠨ ᠤ ᠬᠠᠰᠠᠷ ᠪᠣᠳᠠᠰ ᠤᠨ ᠪᠤᠰᠤ ᠰᠣᠶᠣᠯ ᠵᠢᠭᠤᠯᠴᠢᠯᠠᠯ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠡᠯᠭᠡᠨ ᠪᠣᠷᠣᠯᠠᠭᠤᠯᠬᠤ ᠲᠠᠨᠢᠯᠴᠠᠭᠤᠯᠭ᠎ᠠ ᠶᠢᠨ ᠬᠤᠷᠠᠯ ᠢ ᠡᠷᠭᠢᠯᠡᠵᠦ᠂ ᠪᠤᠭᠤᠲᠤ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠸᠠᠩ ᠷᠦ ᠬᠡᠷᠡᠯ ᠵᠢᠷᠤᠭᠴᠢᠨ ᠨᠠᠶᠢᠵᠠ ᠨᠠᠷ ᠲᠠᠢ ᠲᠤᠰᠬᠠᠶᠢᠯᠠᠨ ᠪᠤᠭᠤᠲᠤ ᠠᠴᠠ ᠢᠷᠡᠵᠦ ᠠᠵᠢᠯᠯᠠᠭ᠎ᠠ ᠳᠤ ᠣᠷᠣᠯᠴᠠᠵᠤ᠂ ︽ᠮᠢᠩᠭᠠᠨ ᠪᠠᠯᠭᠠᠰᠤᠨ ᠤ ᠪᠠᠶᠢᠭᠠᠯᠢ ᠶᠢᠨ ᠥᠩᠭᠡ ᠦᠵᠡᠮᠵᠢ ᠨᠢ ᠮᠠᠰᠢ ᠰᠠᠶᠢᠨ ᠪᠠᠶᠢᠨ᠎ᠠ᠂ ᠥᠨᠥᠳᠦᠷ ᠤᠨ ᠰᠤᠷ ᠬᠠᠷᠪᠤᠬᠤ ᠤᠷᠤᠯᠳᠤᠭᠠᠨ ᠴᠤ ᠮᠠᠰᠢ ᠭᠤᠶᠢᠳᠠ ᠰᠠᠶᠢᠬᠠᠨ ᠶᠠᠪᠤᠭᠳᠠᠵᠤ ᠪᠠᠶᠢᠨ᠎ᠠ᠂ ᠪᠢᠳᠡ ᠪᠠᠰᠠ ᠴᠥᠭᠡᠨ ᠪᠤᠰᠤ ᠰᠠᠶᠢᠨ ᠬᠡᠷᠡᠯ ᠵᠢᠷᠤᠭ ᠲᠠᠲᠠᠭᠰᠠᠨ ᠶᠤᠮ᠂ ᠬᠤᠶᠢᠰᠢᠳᠠ ᠮᠢᠩᠭᠠᠨ ᠪᠠᠯᠭᠠᠰᠦᠨ ᠳᠤ ᠢᠷᠡᠬᠦ ᠠᠵᠠ ᠲᠣᠬᠢᠶᠠᠯ ᠨᠡᠩ ᠤᠯᠠᠨ ᠪᠠᠶᠢᠬᠤ ᠶᠢ ᠬᠦᠰᠡᠵᠦ ᠪᠠᠶᠢᠨ᠎ᠠ︾ ᠭᠡᠵᠦ ᠸᠠᠩ ᠷᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号