ᠮᠠᠨᠳᠤᠯ ᠪᠣᠭᠤᠮᠲᠠ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ ᠠᠩᠬ᠎ᠠ 5 ᠲᠦᠮᠡᠨ ᠲᠤᠨ ᠢ ᠳᠠᠪᠠᠵᠠᠢ︕
ᠨᠡᠶᠢᠲᠡᠯᠡᠭᠰᠡᠨ ᠴᠠᠭ᠄
2024/8/5
      2 ᠰᠠᠷ᠎ᠠ ᠶᠢᠨ 19 ᠤ ᠡᠳᠦᠷ᠂ ᠠᠩᠬ᠎ᠠ  4.3 ᠲᠦᠮᠡᠨ ᠲᠣᠨ ᠢ ᠳᠠᠪᠠᠪᠠ᠃      4 ᠰᠠᠷ᠎ᠠ ᠶᠢᠨ 19 ᠤ ᠡᠳᠦᠷ᠂ ᠠᠩᠬ᠎ᠠ  4.6 ᠲᠦᠮᠡᠨ ᠲᠣᠨ ᠢ ᠳᠠᠪᠠᠪᠠ᠃      6 ᠰᠠᠷ᠎ᠠ ᠶᠢᠨ 17 ᠤ ᠡᠳᠦᠷ᠂ ᠮᠠᠨᠳᠤᠯ ᠪᠣᠭᠤᠮᠲᠠ ᠶᠢᠨ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ ᠨᠢ 50718.83 ᠲᠣᠨ ᠳᠤ ᠬᠦᠷᠪᠡ᠃ ᠠᠩᠬ᠎ᠠ ᠤᠳᠠᠭ᠎ᠠ 5 ᠲᠣᠨ ᠤ ᠪᠣᠭᠤᠮᠲᠠ ᠶᠢ ᠳᠠᠪᠠᠪᠠ︕      ᠥᠨᠥᠳᠥᠷ ᠪᠣᠯᠲᠠᠯ᠎ᠠ᠂ ᠮᠠᠨᠳᠤᠯ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 365.33 ᠲᠦᠮᠡᠨ ᠲᠣᠨ ᠳᠤ ᠬᠦᠷᠴᠦ᠂ ᠡᠭᠦᠨ ᠳᠤ ᠬᠢᠯᠢ ᠪᠠᠷ ᠣᠷᠣᠭᠤᠯᠤᠭᠰᠠᠨ ᠬᠡᠮᠵᠢᠶ᠎ᠡ  ᠨᠢ 364.69 ᠲᠦᠮᠡᠨ ᠲᠣᠨ ᠪᠠᠶᠢᠵᠤ᠂  ᠬᠢᠯᠢ ᠠᠴᠠ ᠭᠠᠷᠤᠭᠰᠠᠨ ᠬᠡᠮᠵᠢᠶ᠎ᠡ  ᠨᠢ 0.64 ᠲᠦᠮᠡᠨ ᠲᠣᠨ ᠳᠤ ᠭᠥᠷᠥᠭᠰᠡᠨ ᠪᠠᠶᠢᠨ᠎ᠠ᠃ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠣ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠨᠢ ᠪᠣᠭᠤᠮᠲᠠ ᠪᠠᠷ ᠥᠩᠭᠡᠷᠡᠬᠦ ᠲᠥᠬᠦᠭᠡᠷᠦᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠬᠤᠣᠰ ᠴᠢᠷᠦᠭᠦᠯ ᠲᠡᠷᠭᠡᠨ ᠤ ᠲᠡᠭᠡᠭᠡᠪᠦᠷᠢ ᠶᠢ ᠨᠡᠮᠡᠭᠳᠡᠭᠦᠯᠵᠦ᠂ AGV ᠵᠢᠯᠣᠭᠤᠴᠢ ᠦᠭᠡᠢ ᠳᠡᠭᠡᠭᠡᠪᠤᠷᠢ ᠶᠢ ᠠᠰᠢᠭᠯᠠᠯᠲᠠ ᠳᠤ ᠣᠷᠣᠭᠤᠯᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠣᠬᠢᠷᠲᠤᠯ ᠥᠬᠡᠶ ᠲᠣᠮᠣ ᠣᠶᠤᠨᠴᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠳᠤᠮᠳᠠᠳᠤ ᠮᠣᠩᠭᠤᠯ ᠬᠤᠶᠠᠷ ᠲᠠᠯ᠎ᠠ ᠶᠢᠨ ᠣᠶᠢᠯᠭᠠᠯᠴᠠᠭ᠎ᠠ ᠨᠡᠪᠲᠡᠷᠡᠯᠴᠡᠭᠡ ᠶᠢ ᠪᠦᠲᠦᠮᠵᠢᠲᠡᠶ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠪᠠᠷᠠᠭ᠎ᠠ ᠲᠠᠸᠠᠷ ᠤᠨ ᠬᠡᠮᠵᠢᠶ᠎ᠡ ᠶᠢ ᠦᠨᠡᠨ ᠬᠦ ᠪᠠᠲᠤᠯᠠᠵᠤ᠂ ᠪᠣᠭᠤᠮᠲᠠ ᠪᠠᠷ ᠥᠩᠭᠡᠷᠡᠬᠦ ᠤᠶᠢᠯᠠᠳᠣᠯ ᠴᠢᠳᠡᠪᠬᠢ ᠪᠠᠨ ᠦᠷᠭᠦᠯᠵᠢᠯᠡᠨ ᠰᠠᠶᠢᠵᠢᠷᠠᠭᠤᠯᠤᠨ᠂ ᠪᠣᠭᠤᠮᠲᠠ ᠪᠠᠷ ᠥᠩᠭᠡᠷᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ 2024 ᠣᠨ ᠤ ᠪᠣᠭᠤᠮᠲᠠ ᠪᠠᠷ ᠪᠠᠷᠠᠭ᠎ᠠ ᠥᠩᠭᠡᠷᠡᠬᠦ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号