ᠥᠪᠥᠷ ᠮᠣᠩᠭᠤᠯ ᠤᠨ ᠡᠮᠡᠭᠲᠡᠶ ᠪᠤᠺᠰᠴᠢᠨ ᠶᠠᠩ ᠯᠢᠦ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠢᠳᠪᠦᠷᠢᠳᠦ ᠲᠡᠮᠡᠴᠡᠭᠡᠨ ᠳᠤ ᠤᠷᠤᠬᠰᠠᠨ ᠳᠤ ᠪᠠᠶᠠᠷ ᠬᠦᠷᠭᠡᠶ᠎ᠡ︕
ᠨᠡᠶᠢᠲᠡᠯᠡᠭᠰᠡᠨ ᠴᠠᠭ᠄
2024/8/8
   MINORITY1723100684467YDQVR34YLR.png  
      ᠪᠡᠭᠡᠵᠢᠩ ᠤᠨ ᠴᠠᠭ ᠢᠶᠠᠷ 8 ᠰᠠᠷ᠎ᠠ ᠶᠢᠨ 7 ᠤ ᠡᠳᠦᠷ ᠤᠨ ᠥᠷᠯᠥᠭᠡ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠡᠮᠡᠭᠲᠡᠶ ᠶᠢᠨ 66 ᠺᠢᠯᠣᠭ᠍ᠷᠠᠮ ᠤᠨ ᠲᠡᠰ ᠤᠨ ᠪᠤᠺᠰ ᠤᠨ ᠬᠠᠭᠠᠰ ᠰᠢᠢᠳᠪᠦᠷᠢᠲᠦ ᠲᠡᠮᠡᠴᠡᠭᠡᠨ ᠳᠤ ᠥᠪᠥᠷ ᠮᠣᠩᠭᠤᠯ ᠤᠨ ᠲᠠᠮᠢᠷᠴᠢᠨ ᠶᠠᠩ ᠯᠢᠦ 4᠄ 1 ᠪᠠᠷ ᠳᠤᠮᠳᠠᠳᠤ ᠤᠯᠤᠰ ᠤᠨ ᠲᠠᠶᠢᠪᠧᠢ ᠶᠢᠨ ᠲᠠᠮᠢᠷᠴᠢᠨ ᠴᠧᠨ ᠨᠢᠶᠠᠨ ᠴᠢᠨ ᠢ ᠢᠯᠠᠵᠤ ᠰᠢᠢᠳᠪᠦᠷᠢᠲᠦ ᠲᠡᠮᠡᠴᠡᠭᠡᠨ ᠳᠤ ᠣᠷᠣᠪᠠ᠃      ᠲᠤᠰ ᠤᠳᠠᠭᠠᠨ ᠤ ᠬᠠᠭᠠᠰ ᠰᠢᠢᠳᠪᠦᠷᠢᠲᠦ ᠲᠡᠮᠡᠴᠡᠭᠡᠨ ᠠᠴᠠ ᠡᠮᠦᠨ᠎ᠡ᠂ ᠶᠠᠩ ᠯᠢᠦ ᠪᠣᠯᠤᠨ ᠴᠧᠨ ᠨᠢᠶᠠᠨ ᠴᠢᠨ 3 ᠤᠳᠠᠭ᠎ᠠ ᠲᠤᠯᠤᠯᠳᠤᠵᠤ᠂ ᠶᠠᠩ ᠯᠢᠦ ᠪᠦᠷ ᠢᠯᠡᠷᠬᠡᠶ ᠳᠠᠪᠠᠭᠤᠯᠢᠭ ᠢᠶᠠᠷ ᠡᠰᠡᠷᠭᠦ ᠡᠲᠡᠭᠡᠳ ᠢᠶᠠᠨ ᠢᠯᠠᠵᠡᠢ᠃ ᠲᠤᠬᠠᠶ ᠶᠢᠨ ᠡᠳᠦᠷ ᠤᠨ ᠲᠡᠮᠡᠴᠡᠭᠡᠨ ᠤ ᠨᠢᠭᠡᠳᠦᠭᠡᠷ ᠨᠤᠭᠤᠯᠤᠭᠠᠨ ᠳᠤ᠂ ᠴᠧᠨ ᠨᠢᠶᠠᠨ ᠴᠢᠨ ᠰᠢᠭ᠋ ᠳᠣᠲᠣᠭᠠᠳᠤ ᠱᠤᠭᠤᠮ ᠤᠨ ᠲᠠᠮᠢᠷᠴᠢᠨ ᠳᠤ ᠬᠠᠨᠳᠤᠭᠤᠯᠤᠨ ᠶᠠᠩ ᠯᠢᠦ ᠥᠪᠡᠷ ᠤᠨ ᠤᠯᠠᠮᠵᠢᠯᠠᠯᠲᠤ ᠴᠣᠬᠢᠬᠤ ᠠᠷᠭ᠎ᠠ ᠪᠠᠨ ᠬᠤᠪᠢᠷᠠᠭᠤᠯᠬᠤ ᠪᠠᠷ ᠳᠠᠮᠵᠢᠨ ᠲᠣᠬᠢᠶᠠᠯ ᠡᠭᠦᠳᠬᠦ ᠪᠠᠷ ᠣᠷᠣᠯᠳᠤᠭᠰᠠᠨ ᠪᠣᠯᠪᠠᠴᠤ ᠶᠠᠷᠦ ᠨᠢ ᠳᠠᠭᠠᠷᠢᠯᠲᠠ ᠶᠢᠨ ᠬᠡᠮᠨᠡᠯ ᠬᠦᠴᠦ ᠪᠠᠨ ᠡᠷᠢᠵᠦ ᠤᠯᠤᠬᠰᠠᠨ ᠦᠭᠡᠢ᠂ ᠴᠧᠨ ᠨᠢᠶᠠᠨ ᠴᠢᠨ ᠤ ᠢᠯᠡᠷᠡᠯ ᠨᠢ ᠨᠠᠩ ᠰᠠᠶᠢᠨ ᠪᠠᠶᠢᠵᠠᠢ᠃ ᠬᠤᠶᠠᠳᠤᠭᠠᠷ ᠨᠤᠭᠤᠯᠤᠭᠠᠨ ᠳᠤ᠂ ᠶᠠᠩ ᠯᠢᠦ ᠪᠠᠶᠢᠳᠠᠯ ᠳᠠᠭᠠᠨ ᠲᠣᠬᠢᠷᠠᠭᠤᠯᠤᠯᠲᠠ ᠬᠢᠵᠦ᠂ ᠲᠦᠷᠢᠮᠡᠬᠡᠶᠢᠯᠡᠬᠦ ᠴᠢᠨᠠᠷᠲᠠᠶ ᠴᠣᠬᠢᠬᠤ ᠠᠷᠭ᠎ᠠ ᠠᠪᠴᠤ᠂ ᠠᠷᠤᠨᠰᠢ ᠪᠠᠨ ᠨᠢᠳᠤᠷᠭᠠᠳᠠᠬᠤ ᠪᠠᠷ ᠲᠠᠰᠤᠷᠠᠯᠳᠠ ᠦᠭᠡᠢ ᠤᠭᠰᠠᠷᠠᠭ᠎ᠠ ᠴᠣᠬᠢᠯᠲᠠ ᠬᠢᠬᠦ  ᠶᠢ ᠳᠠᠶᠢᠴᠢᠯᠠᠬᠤ ᠶᠢᠨ ᠬᠠᠮᠲᠤ ᠬᠤᠷᠢᠭᠯᠠᠯᠲᠠ ᠶᠢᠨ ᠶᠠᠪᠤᠴᠠ ᠳᠤ ᠬᠠᠵᠠᠭᠤ ᠲᠠᠶᠢᠰᠢ ᠪᠠᠨ ᠡᠰᠡᠷᠭᠦ ᠡᠲᠡᠭᠡᠳ ᠤᠨ ᠢᠶᠠᠨ ᠳᠠᠭᠠᠷᠢᠯᠲᠠ ᠠᠴᠠ ᠵᠠᠶᠢᠯᠠᠪᠠ᠃ ᠢᠡᠭᠭᠢᠭᠡᠳ ᠬᠤᠶᠠᠳᠤᠭᠠᠷ ᠨᠤᠭᠤᠯᠤᠭᠠᠨ ᠳᠤ ᠬᠤᠶᠠᠷ ᠬᠥᠮᠦᠨ ᠤ ᠬᠤᠪᠢ ᠶᠢᠨ ᠬᠠᠷᠢᠴᠠᠯ ᠤᠶᠢᠷᠠᠳᠴᠠᠢ᠃ ᠲᠤᠶᠢᠯ ᠤᠨ ᠴᠢᠬᠤᠯᠠ ᠭᠤᠷᠪᠠᠳᠤᠭᠠᠷ ᠨᠤᠭᠤᠯᠤᠭᠠᠨ ᠳᠤ᠂ ᠶᠠᠩ ᠯᠢᠦ ᠪᠦᠷᠢᠮᠦᠰᠦᠨ ᠬᠡᠮᠨᠡᠯ ᠬᠦᠴᠦ ᠪᠠᠨ ᠤᠯᠵᠤ᠂ ᠨᠢᠳᠤᠷᠭᠠᠳᠠᠬᠤ ᠬᠤᠷᠳᠤᠴᠠ ᠪᠠ ᠵᠠᠶ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠠᠰᠤᠷᠠᠯᠲᠠ ᠦᠭᠡᠢ ᠲᠣᠳᠣᠷᠬᠠᠶ ᠳᠠᠭᠠᠷᠢᠯᠲᠠ ᠬᠢᠵᠦ᠂ ᠬᠠᠮᠤᠭ ᠰᠡᠭᠦᠯ ᠤᠨ 10 ᠰᠧᠺᠦ᠋ᠨ᠋ᠳ᠋ ᠲᠤ ᠵᠠᠯᠭᠠᠭ᠎ᠠ ᠪᠠᠷ ᠠᠷᠤᠨᠰᠢ ᠪᠠᠨ ᠨᠢᠳᠤᠷᠭᠠᠳᠠᠨ ᠪᠠᠶᠢᠵᠤ ᠡᠰᠡᠷᠭᠦ ᠡᠲᠡᠭᠡᠳ ᠢᠶᠠᠨ ᠣᠨᠣᠭᠠᠵᠤ ᠢᠯᠠᠯᠲᠠ ᠣᠯᠪᠠ᠃      ᠪᠡᠭᠡᠵᠢᠩ ᠤᠨ ᠴᠠᠭ ᠢᠶᠠᠷ 8 ᠰᠠᠷ᠎ᠠ ᠶᠢᠨ 10 ᠤ ᠡᠳᠦᠷ᠂ ᠶᠠᠩ ᠯᠢᠦ ᠠᠯᠵᠧᠷᠢᠶ᠎ᠠ ᠶᠢᠨ ᠲᠠᠮᠢᠷᠴᠢᠨ ᠢᠮᠠᠨ · ᠬᠠᠯᠢᠹ ᠲᠠᠢ ᠠᠯᠲᠠᠨ ᠮᠧᠳᠠᠯ ᠪᠤᠯᠢᠶᠠᠯᠳᠤᠬᠤ ᠪᠣᠯᠤᠨ᠎ᠠ᠃ ᠢᠮᠠᠨ· ᠬᠠᠯᠢᠹ ᠪᠣᠯ ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠬᠠᠮᠤᠭ ᠤᠨ ᠮᠠᠷᠭᠤᠭᠠᠨ ᠲᠠᠢ ᠲᠠᠮᠢᠷᠴᠢᠨ ᠤ ᠨᠢᠭᠡ ᠪᠤᠯᠤᠨ᠎ᠠ᠂ ᠡᠨᠡ ᠤᠳᠠᠭᠠᠨ ᠤ ᠲᠡᠮᠡᠴᠡᠭᠡᠨ ᠨᠢ ᠶᠠᠩ ᠯᠢᠦ ᠶᠢᠨ ᠬᠤᠷᠢᠭᠯᠠᠯᠲᠠ ᠪᠠ ᠠᠷᠭᠠᠴᠠᠬᠤ ᠴᠢᠳᠠᠪᠤᠷᠢ ᠳᠤ ᠨᠠᠩ ᠶᠡᠭᠡ ᠰᠢᠯᠭᠠᠯᠲᠠ ᠲᠠᠯᠪᠢᠬᠤ ᠪᠣᠯᠤᠨ᠎ᠠ᠃
MINORITY1723100697993B8KZF6OFV1.png
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号