8 ᠰᠠᠷ᠎ᠠ ᠶᠢᠨ 8 ᠤ ᠡᠳᠦᠷ ᠤᠨ 18 ᠴᠠᠭ ᠠᠴᠠ 9 ᠤ ᠡᠳᠦᠷ ᠤᠨ 10 ᠴᠠᠭ ᠪᠤᠯᠳᠠᠯ᠎ᠠ᠂ ᠪᠥᠬᠦ | ᠬᠤᠰᠢᠭᠤᠨ ᠳᠤ ᠰᠢᠷᠦᠭᠦᠨ ᠪᠣᠷᠣᠭᠠᠨ ᠤ ᠴᠠᠭ ᠠᠭᠤᠷ ᠤᠨ ᠥᠷᠲᠡᠭᠡ 9 ᠪᠣᠯᠵᠣ᠂ ᠬᠠᠮᠤᠭ ᠤᠨ ᠶᠡᠭᠡ ᠪᠣᠷᠣᠭᠠᠨ ᠤ | ᠬᠡᠮᠵᠢᠶ᠎ᠡ ᠰᠢ ᠾᠧ ᠰᠢᠶᠠᠩ ᠳᠤ 90.5 ᠮᠢᠯᠢᠮᠧᠲᠷ ᠪᠠᠶᠢᠵᠤ᠂ ᠬᠠᠮᠤᠭ ᠤᠨ ᠶᠡᠭᠡ ᠴᠠᠭ ᠤᠨ ᠬᠦᠴᠦᠳᠦ ᠢᠯᠡᠷᠡᠯᠳᠡ | ᠵᠢᠦ ᠬᠤᠸᠠ 9 ᠤ ᠡᠳᠦᠷ ᠤᠨ 9-10 ᠴᠠᠭ ᠲᠤ 17.8 ᠮᠢᠯᠢᠮᠧᠲᠷ / ᠴᠠᠭ ᠪᠣᠯᠤᠨ᠎ᠠ᠃ ᠵᠢᠱᠢᠯᠳᠡ ᠪᠠᠷ᠂ | ᠢᠷᠡᠭᠡᠳᠦᠶ ᠶᠢᠨ 12 ᠴᠠᠭ ᠤᠨ ᠳᠤᠳᠤᠷ᠎ᠠ ᠮᠠᠨ ᠤ ᠬᠤᠰᠢᠭᠤᠨ ᠤ ᠶᠡᠬᠡᠩᠬᠢ ᠭᠠᠵᠠᠷ ᠣᠷᠣᠨ ᠳᠤ ᠪᠣᠷᠣᠭᠠᠨ | ᠣᠷᠣᠬᠤ ᠪᠣᠯᠤᠨ᠎ᠠ᠃ | ᠰᠢᠷᠦᠭᠦᠨ ᠪᠣᠷᠣᠭᠠᠨ ᠤ ᠨᠥᠯᠥᠭᠡ ᠪᠠᠷ ᠪᠠᠲᠤᠬᠠᠭᠠᠯᠭ᠎ᠠ ᠪᠠᠯᠭᠠᠰᠤ᠂ ᠮᠢᠩᠭᠠᠨ ᠪᠠᠯᠭᠠᠰᠤ᠂ ᠰᠢ ᠾᠧ ᠰᠢᠶᠠᠩ᠂ | ᠦᠭᠡᠷᠬᠤᠳᠳᠤᠭ ᠪᠠᠯᠭᠠᠰᠤ᠂ ᠰᠢᠪᠠᠷᠬᠦ᠋ᠷᠢᠶ᠎ᠡ ᠪᠠᠯᠭᠠᠰᠤ᠂ ᠰᠢᠷᠡᠮᠦ᠋ᠷᠡᠨ ᠪᠠᠯᠭᠠᠰᠤ ᠵᠡᠷᠭᠡ ᠭᠠᠵᠠᠷ ᠣᠷᠣᠨ ᠳᠤ | ᠭᠠᠵᠠᠷ ᠰᠢᠨᠵᠢᠯᠡᠬᠡᠨ ᠤ ᠭᠠᠢ ᠭᠠᠮᠰᠢᠭ ᠡᠬᠦᠰᠬᠦ ᠠᠶᠤᠯ ᠲᠦᠭᠰᠢᠭᠦᠷᠢᠲᠦ ᠴᠢᠨᠠᠷ ᠨᠡᠯᠢᠶᠡᠳ ᠥᠨᠳᠥᠷ ᠪᠠᠶᠢᠵᠤ᠂ | ᠬᠠᠮᠢᠶ᠎ᠠ ᠪᠥᠬᠦᠶ ᠰᠠᠯᠠᠭ᠎ᠠ ᠮᠥᠴᠢᠷ ᠢ ᠤᠷᠢᠵᠤ ᠭᠠᠵᠠᠷ ᠰᠢᠨᠵᠢᠯᠡᠭᠡᠨ ᠤ ᠭᠠᠢ ᠭᠠᠮᠰᠢᠭ ᠠᠮᠠᠷᠬᠠᠨ ᠡᠭᠦᠰᠬᠦ ᠣᠷᠣᠨ ᠪᠠ | ᠭᠠᠵᠠᠷ ᠰᠢᠨᠵᠢᠯᠡᠭᠡᠨ ᠤ ᠴᠢᠬᠤᠯᠠ ᠭᠠᠢ ᠭᠠᠮᠰᠢᠭ ᠤᠨ ᠳᠠᠯᠳᠠ ᠬᠡᠮ ᠤᠨ ᠴᠡᠭ ᠢ ᠲᠣᠭᠤᠷᠢᠨ ᠪᠠᠶᠢᠴᠠᠭᠠᠬᠤ ᠪᠠᠨ | ᠴᠢᠩᠭᠠᠳᠬᠠᠵᠤ᠂ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ | ᠠᠩᠬᠠᠷᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠵᠢᠵᠢᠭᠦᠷᠯᠡᠨ ᠰᠠᠬᠢᠬᠤ ᠪᠠᠨ ᠴᠢᠩᠭᠠᠳᠬᠠᠬᠤ ᠶᠢᠨ ᠬᠠᠮᠲᠤ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ |