ᠵᠢᠶᠠ ᠪᠦᠦ ᠯᠢᠶᠠᠩ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠪᠦᠬᠦ ᠬᠤᠰᠢᠭᠤᠨ ᠤ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ
ᠨᠡᠶᠢᠲᠡᠯᠡᠭᠰᠡᠨ ᠴᠠᠭ᠄
2024/9/10
      40 ᠳ᠋ᠦ᠋ᠭᠡᠷ ᠤᠳᠠᠭᠠᠨ ᠤ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 9 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠪᠥᠬᠦ ᠬᠤᠰᠢᠭᠤᠨ ᠤ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃     ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠵᠢᠶᠠ ᠪᠦᠦ ᠯᠢᠶᠠᠩ ᠠᠵᠢᠯ ᠠᠴᠠ ᠪᠠᠨ ᠠᠮᠠᠷᠠᠭᠰᠠᠨ ᠪᠠᠭᠰᠢ ᠸᠠᠩ ᠼᠦᠨ ᠬᠦᠢ᠂ ᠰᠦ᠋ ᠬᠠᠢ ᠶᠢᠨ ᠭᠡᠷ ᠲᠤ ᠬᠦᠷᠴᠦ᠂ ᠲᠡᠳᠡᠨ ᠳᠤ ᠰᠣᠷᠭᠤᠭ ᠴᠡᠴᠡᠭ ᠪᠠ ᠵᠥᠩᠨᠡᠯ ᠳᠡᠪᠰᠢᠭᠦᠯᠵᠦ᠂ ᠳᠠᠷᠠᠭ᠎ᠠ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠰᠤᠷᠤᠭᠴᠢᠳ ᠤᠨ ᠪᠠᠶᠢᠷᠢ᠂ ᠬᠤᠭᠤᠯᠠᠨ ᠭᠡᠷ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠠᠲᠠᠭᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠪᠠ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠵᠡᠷᠭᠡ ᠳᠤ ᠱᠠᠭᠠᠷᠳᠠᠯᠭ᠎ᠠ ᠳᠤᠷᠠᠳᠴᠠᠢ᠃ ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ  ᠢᠶᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠡᠯ᠎ᠡ ᠰᠤᠷᠭᠠᠭᠤᠯᠢ ᠶᠢᠨ ᠬᠠᠷᠢᠭᠤᠴᠠᠯᠭᠠᠳᠠᠳ᠂ ᠬᠤᠰᠢᠭᠤᠨ ᠤ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠶᠠᠷᠢᠶ᠎ᠠ ᠲᠠᠯᠪᠢᠪᠠ᠃ ᠤᠯᠠᠨ ᠤ ᠳᠤᠷᠠᠳᠤᠭᠰᠠᠨ ᠰᠠᠨᠠᠭᠤᠯᠭ᠎ᠠ ᠠᠷᠭ᠎ᠠ ᠬᠡᠮᠵᠢᠶ᠎ᠡ ᠳᠤ ᠂ ᠵᠢᠶᠠ ᠪᠦᠦ ᠯᠢᠶᠠᠩ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠠᠷᠢᠨ ᠬᠢᠨᠠᠮᠠᠭᠠᠢ ᠡᠮᠬᠢᠯᠡᠨ ᠬᠤᠷᠢᠶᠠᠩᠭᠤᠶᠢᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠤᠨ ᠤᠬᠠᠮᠰᠠᠷ ᠢᠶᠠᠨ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠭᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃       ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠰᠣᠷᠣᠭᠴᠢ ᠶᠢᠨ ᠢᠷᠡᠯᠲᠡ ᠶᠢᠨ ᠠᠯᠳᠠᠭᠳᠠᠯ᠂ ᠪᠠᠭᠰᠢ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠪᠢᠳᠡ ᠦᠷᠭᠦᠯᠵᠢᠯᠡᠨ ᠰᠠᠶᠢᠵᠢᠷᠠᠬᠤ ᠪᠠᠶᠢᠳᠠᠯ ᠢᠶᠠᠨ ᠪᠠᠬᠢᠵᠢᠭᠦᠯᠵᠦ᠂ ᠨᠡᠶᠢᠭᠡᠮ ᠳᠤ ᠬᠠᠷᠢᠭᠤᠴᠠᠨ᠂ ᠬᠡᠷ ᠤᠨ ᠠᠬᠠᠮᠠᠳ ᠲᠤ ᠬᠠᠷᠢᠭᠤᠴᠠᠬᠤ᠂ ᠰᠤᠷᠤᠭᠴᠢᠳ ᠲᠤ ᠬᠠᠷᠢᠭᠤᠴᠠᠬᠤ ᠣᠪᠣᠷ ᠢ ᠪᠠᠷᠢᠮᠲᠠᠯᠠᠨ᠂ ᠡᠨᠡ ᠬᠦ ᠰᠤᠷᠭᠠᠨ ᠬᠥᠮᠦᠵᠢᠯ ᠭᠡᠬᠦ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃       ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠳᠤᠳᠬᠠᠨ᠂ ᠠᠷᠭ᠎ᠠ ᠵᠠᠮ ᠢᠶᠠᠨ ᠲᠣᠳᠣᠷᠬᠠᠶ ᠪᠣᠯᠭᠠᠵᠤ᠂ ᠪᠤᠭᠤᠲᠤ ᠬᠤᠲᠠ ᠶᠢᠨ ︽ᠰᠤᠷᠭᠠᠨ ᠬᠥᠮᠦᠵᠢᠯ ᠤᠨ ᠥᠨᠳᠦᠷᠯᠢᠭ ᠢ ᠴᠣᠭᠴᠠᠯᠠᠬᠤ︾ ᠡᠯ᠎ᠡ ᠵᠦᠢᠯ ᠤᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽  ᠲᠠᠶᠢᠯᠪᠤᠷᠢᠯᠠᠵᠤ ᠲᠡᠶᠢᠯᠬᠦ ᠰᠡᠳᠬᠢᠬᠦᠶ︾ ᠪᠠᠷ ᠰᠤᠷᠭᠠᠨ ᠬᠥᠮᠦᠵᠢᠯ ᠤᠨ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠵᠦ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠪᠠᠭᠰᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠲᠦᠷᠢᠮ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠭᠠᠷᠳᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠠᠲᠠᠭᠤ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠪᠦᠯᠦᠭ ᠬᠤᠪᠢᠶᠠᠨ ᠰᠡᠯᠪᠢᠨ ᠵᠠᠰᠠᠵᠤ ᠰᠢᠨᠡᠳᠬᠡᠬᠦ ᠶᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠬᠦᠴᠦᠯᠡᠨ ᠬᠠᠮᠠᠭᠠᠯᠠᠵᠤ᠂ ᠰᠤᠷᠤᠭᠴᠢᠳ ᠲᠤ ᠰᠠᠶᠢᠨ ᠰᠠᠶᠢᠬᠠᠨ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠡᠬᠢ ᠪᠠᠶᠠᠯᠢᠭ ᠤᠨ ᠡᠯᠧᠮᠧᠨ᠋ᠲ ᠢ ᠲᠦᠪᠯᠡᠷᠡᠬᠦᠯᠦᠨ᠂ ᠣᠷᠣᠨ ᠨᠤᠲᠤᠭ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠤᠨᠴᠠᠯᠢᠬᠳᠤ ᠰᠤᠷᠭᠠᠨ ᠬᠥᠮᠦᠵᠢᠯ ᠢ ᠰᠠᠶᠢᠲᠤᠷ ᠬᠥᠭᠵᠢᠭᠦᠯᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ  ᠴᠢᠩᠭᠠᠳᠬᠠᠨ᠂ ᠪᠠᠭᠰᠢ ᠶᠢᠨ ᠬᠡᠪ ᠰᠤᠷᠲᠠᠯ ᠤᠨ ᠬᠥᠮᠦᠵᠢᠯ ᠢ ᠴᠢᠩᠭᠠᠳᠬᠠᠵᠤ᠂ ᠪᠠᠭᠰᠢ ᠶᠢ ᠬᠦᠳᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠠᠵᠢᠯ ᠮᠡᠷᠭᠡᠵᠢᠯ ᠤᠨ ᠦᠷᠳᠡᠭ ᠤᠨ ᠦᠵᠡᠯᠲᠡ ᠶᠢ ᠪᠤᠢ ᠪᠣᠯᠭᠠᠵᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠨᠢᠭᠡᠳᠦᠭᠡᠷ ᠹᠷᠣᠨᠲ ᠤᠨ ᠪᠠᠭᠰᠢ ᠲᠡᠰᠢ ᠬᠡᠯᠪᠠᠶᠢᠯᠭᠡᠬᠦ ᠶᠢ ᠪᠠᠷᠢᠮᠲᠠᠯᠠᠵᠤ᠂ ᠪᠠᠭᠰᠢ ᠶᠢᠨ ᠡᠩᠨᠡᠭᠡᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠬᠠᠮᠲᠤᠪᠠᠷ ᠰᠠᠶᠢᠲᠤᠷ ᠡᠷᠬᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ  ᠭᠡᠪᠡ᠃       ᠬᠤᠰᠢᠭᠤᠨ ᠤ ᠤᠳᠤᠷᠢᠳᠤᠯᠭ᠎ᠠ ᠭᠤᠤ ᠹᠸᠢ᠂ ᠶᠠᠨ ᠴᠦᠨ ᠯᠸᠢ᠂ ᠯᠢᠦ ᠯᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠦ᠂ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号