ᠰᠤᠷᠪᠤᠯᠵᠢᠯᠠᠭ᠎ᠠ ᠬᠦᠯᠢᠶᠠᠨ ᠠᠪᠤᠭᠰᠠᠨ ᠵᠤᠴᠢᠨ ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶᠠᠨ ᠤ ᠳᠠᠷᠤᠭ᠎ᠠ ᠯᠢᠦ ᠵᠢᠶᠠᠨ ᠭᠥᠩ | ᠰᠤᠷᠪᠤᠯᠵᠢᠯᠠᠭᠰᠠᠨ ᠴᠠᠭ᠄ 2024 ᠤᠨ ᠤ 9 ᠰᠠᠷ᠎ᠠ ᠶᠢᠨ 2 ᠤ ᠡᠳᠦᠷ | ᠬᠥᠲᠥᠯᠥᠭᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠲᠤᠪᠴᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠲᠤᠬᠠᠶᠢᠯᠠᠭᠰᠠᠨ ᠠᠵᠢᠯ ᠢ | ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ | ᠵᠣᠴᠢᠨ᠄ | ᠨᠢᠭᠡ᠂ 2024 ᠣᠨ ᠤ ᠳᠡᠭᠡᠷ᠎ᠡ ᠬᠠᠭᠠᠰ ᠵᠢᠯ ᠤᠨ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ | ︵ᠨᠢᠭᠡ︶ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠡ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ | ᠠᠵᠢᠯ ᠳᠤ ᠳᠤᠷᠠᠳᠤᠭᠰᠠᠨ ︽ᠬᠤᠶᠠᠷ ᠦᠢᠯᠡᠴᠢᠯᠡᠭᠡ︾ ︽ᠭᠤᠷᠪᠠᠨ ᠰᠢᠰᠲ᠋ᠧᠮ︾ ︽ᠲᠠᠪᠤᠨ ᠰᠠᠶᠢᠨᠲᠠᠢ︾ ︽ | ᠬᠤᠶᠠᠷ ᠢ ᠡᠷᠬᠢᠮᠯᠡᠬᠦ︾ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠵᠦ᠂ | ᠴᠡᠷᠢᠭ ᠠᠴᠠ ᠬᠠᠯᠠᠭᠳᠠᠭᠰᠠᠳ ᠢ ᠬᠦᠯᠢᠶᠡᠨ ᠠᠪᠴᠤ ᠲᠥᠪᠬᠢᠨᠡᠭᠦᠯᠬᠦ᠂ ᠦᠢᠯᠡᠴᠢᠯᠡᠭᠡ ᠶᠢ ᠰᠠᠶᠢᠲᠤᠷ ᠪᠠᠲᠤᠯᠠᠬᠤ᠂ | ᠰᠠᠶᠢᠲᠤᠷ ᠰᠤᠷᠭᠠᠨ ᠬᠥᠮᠥᠵᠢᠭᠦᠯᠵᠦ ᠬᠠᠮᠢᠶᠠᠷᠬᠤ᠂ ᠦᠢᠯᠡᠳᠦᠯ ᠢ ᠰᠠᠶᠢᠲᠤᠷ ᠪᠠᠳᠠᠷᠠᠭᠤᠯᠬᠤ᠂ ᠡᠷᠬᠡ ᠠᠰᠢᠭ ᠢ | ᠰᠠᠶᠢᠲᠤᠷ ᠬᠠᠮᠠᠭᠠᠯᠠᠬᠤ ᠶᠢ ᠦᠨᠡᠨ ᠬᠦ ᠰᠠᠶᠢᠲᠤᠷ ᠠᠳᠬᠤᠵᠤ᠂ ᠦᠢᠯᠡᠴᠢᠯᠡᠭᠡ ᠪᠠᠲᠤᠯᠠᠭ᠎ᠠ ᠶᠢᠨ ᠦᠢᠯᠡᠳᠦᠯ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠴᠡᠷᠢᠭ ᠬᠥᠮᠥᠨ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠰᠠᠶᠢᠨ | ᠰᠠᠶᠢᠬᠠᠨ ᠤᠷᠴᠢᠨ ᠠᠬᠤᠢ ᠶᠢ ᠪᠤᠢ ᠪᠤᠯᠭᠠᠪᠠ᠃ ᠡᠭᠦᠨ ᠤ ᠬᠠᠮᠲᠤ᠂ ᠪᠥᠬᠦ ᠬᠤᠰᠢᠭᠤᠨ ᠤ ᠡᠯ᠎ᠡ ᠦᠢᠯᠡᠴᠢᠯᠡᠭᠡᠨ ᠤ | ᠲᠥᠪ ᠨᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠳᠤ ᠦᠢᠯᠡᠴᠢᠯᠡᠬᠦ᠂ | ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠲᠠᠯ᠎ᠠ ᠪᠠᠷ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ ᠭᠡᠵᠦ | ᠱᠠᠭᠠᠷᠳᠠᠪᠠ᠃ | ︵ᠬᠤᠶᠠᠷ︶ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠤᠭᠰᠠᠨ ᠪᠠᠶᠢᠳᠠᠯ | ᠨᠢᠭᠡ ᠳᠤ ᠬᠤᠶᠠᠷ ᠢ ᠬᠦᠷᠢᠶᠡᠯᠡᠬᠦ ᠠᠭᠤᠷ ᠠᠮᠢᠰᠬᠤᠯ ᠢ ᠪᠤᠢ ᠪᠣᠯᠭᠠᠪᠠ᠃ 4 ᠰᠠᠷ᠎ᠠ ᠶᠢᠨ 1 ᠤ ᠡᠳᠦᠷ᠂ | ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ︽ᠰᠦᠭ ᠰᠦᠨᠡᠰᠦ ᠶᠢ ᠱᠤᠭᠤᠬᠤ · 2024 · ᠬᠠᠩᠰᠢ ᠶᠢᠨ ᠡᠳᠦᠷ ᠦᠷᠡᠭᠳᠡᠭᠰᠡᠨ | ᠪᠠᠭᠠᠲᠤᠷᠴᠤᠳ ᠢᠶᠠᠨ ᠰᠠᠨᠠᠭᠠᠯᠵᠠᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠪᠠ᠃ ᠬᠤᠶᠠᠷ ᠢ ᠬᠦᠷᠢᠶᠡᠯᠡᠭᠰᠡᠨ ᠲᠡᠮᠳᠡᠭ ᠢ ᠬᠢᠵᠠᠭᠠᠷᠯᠠᠭᠰᠠᠨ ᠴᠠᠭ ᠤᠨ ᠳᠣᠲᠣᠷ᠎ᠠ ᠪᠦᠬᠦᠨ ᠢ ᠰᠣᠯᠢᠵᠤ | ᠳᠠᠭᠤᠰᠬᠠᠪᠡ᠃ ᠳᠠᠷᠬᠠᠨ ᠮᠤᠤᠮᠢᠩᠭᠠᠨ ᠤ ᠨᠠᠮ ᠤᠨ ᠪᠠᠶᠢᠭᠤᠯᠤᠯᠲᠠ ᠶᠢᠨ ᠨᠡᠶᠢᠲᠡ ᠶᠢᠨ ᠳ᠋ᠤᠭᠠᠷ ᠳᠡᠭᠡᠷ᠎ᠡ ᠬᠤᠶᠠᠷ ᠢ | ᠬᠦᠷᠢᠶᠡᠯᠡᠵᠦ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠬᠠᠭᠤᠯᠪᠠ᠃ ᠭᠤᠣᠯᠳᠠᠯᠭ᠎ᠠ ᠲᠠᠢ | ᠵᠠᠮ ᠤᠨ ᠬᠡᠰᠡᠭ ᠪᠤᠯᠤᠨ ᠲᠠᠯᠠᠪᠤᠷ ᠲᠤ ᠪᠠᠶᠢᠩᠭᠤ ᠶᠢᠨ ᠴᠢᠨᠠᠷᠲᠠᠢ ᠬᠤᠶᠠᠷ ᠢ ᠬᠦᠷᠢᠶᠡᠯᠡᠬᠦ ᠤᠬᠠᠭᠤᠯᠭ᠎ᠠ ᠶᠢᠨ ᠫᠠᠶᠢᠰᠠ | ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ᠂ | ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠤᠨ ᠭᠠᠳᠠᠷ ᠬᠡᠷᠡᠮ ᠳᠤ ︽ᠲᠦᠷᠪᠡᠨ ᠬᠠᠮᠲᠤ ᠪᠠᠷ︾ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠶᠢᠨ ᠰᠠᠮᠪᠠᠷ᠎ᠠ ᠳᠤᠬᠢᠷᠠᠭᠤᠯᠵᠤ᠂ | ᠬᠤᠪᠢᠰᠬᠠᠯ ᠤᠨ ᠬᠥᠮᠦᠵᠢᠯ ᠤᠨ ᠭᠤᠣᠯ ᠰᠡᠳᠦᠪᠲᠦ ᠴᠡᠴᠡᠷᠯᠢᠭ ᠲᠤ ︽ᠪᠠᠭᠠᠲᠤᠷ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠬᠤᠪᠢᠰᠬᠠᠯ ᠤᠨ ᠦᠨᠳᠦᠰᠦ ᠰᠤᠷᠪᠤᠯᠵᠢ ᠶᠢ ᠰᠠᠶᠢᠲᠤᠷ ᠰᠠᠬᠢᠬᠤ︾ ᠭᠤᠣᠯ ᠰᠡᠳᠦᠪᠲᠦ 16 | ᠰᠣᠨᠢᠨ ᠢ ᠨᠠᠭᠠᠪᠠ᠃ ᠬᠤᠲᠠ ᠶᠢᠨ ᠠᠷᠠᠳ ᠤᠨ ᠶᠡᠭᠡ ᠲᠢᠩᠬᠢᠮ᠂ ᠲᠡᠷᠭᠡᠨ ᠥᠷᠲᠡᠭᠡ᠂ ᠪᠠᠩᠬᠢ᠂ ᠡᠮᠨᠡᠯᠭᠡ ᠶᠢᠨ | ᠬᠤᠷᠢᠶ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠡᠷᠢᠭ ᠠᠴᠠ ᠬᠠᠯᠠᠭᠳᠠᠭᠰᠠᠳ ᠪᠤᠯᠤᠨ ᠠᠰᠠᠷᠠᠨ ᠬᠠᠷᠠᠭᠠᠯᠵᠠᠬᠤ | ᠬᠦᠮᠦᠰ ᠢ ᠤᠷᠢᠳᠠᠪᠠᠷ ᠢᠯᠭᠠᠬᠤ ᠲᠡᠮᠳᠡᠭ ᠢ ᠰᠢᠨᠡᠳᠬᠡᠵᠦ᠂ ᠵᠠᠰᠠᠮᠠᠯ ᠵᠠᠮ ᠳᠠᠭᠠᠤ ᠶᠢᠨ ᠢᠯᠡ ᠭᠠᠵᠠᠷ ᠲᠤ ᠬᠤᠶᠠᠷ ᠢ | ᠬᠦᠷᠢᠶᠡᠯᠡᠬᠦ ᠤᠬᠠᠭᠤᠯᠭ᠎ᠠ ᠶᠢᠨ ᠤᠷᠢᠶ᠎ᠠ ᠯᠣᠽᠦ᠋ᠩ ᠵᠣᠬᠢᠶᠠᠵᠤ᠂ ᠬᠤᠶᠠᠷ ᠢ ᠬᠦᠷᠢᠶᠡᠯᠡᠬᠦ ᠠᠭᠤᠷ ᠠᠮᠢᠰᠬᠤᠯ ᠢ ᠪᠣᠶ | ᠪᠣᠯᠭᠠᠪᠠ᠃ ᠪᠠᠲᠤᠬᠠᠭᠠᠯᠭ᠎ᠠ ᠶᠢᠨ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ | ᠦᠵᠡᠭᠦᠯᠦᠯᠭᠡ ᠶᠢᠨ ᠲᠢᠩᠬᠢᠮ ᠤᠨ ᠡᠭᠦᠳᠡᠨ ᠳᠠᠬᠢ ᠭᠠᠨᠳᠢᠭ ᠴᠢᠯᠠᠭᠤᠨ ᠬᠠᠰᠢᠯᠭ᠎ᠠ ᠶᠢ ᠰᠣᠯᠢᠪᠠ᠃ ᠡᠭᠦᠨ ᠤ ᠬᠠᠮᠲᠤ | ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠤᠨ ᠡᠭᠦᠳᠡᠨ ᠱᠠᠲᠤ᠂ ᠰᠠᠭᠠᠳ ᠦᠭᠡᠢ ᠨᠡᠪᠲᠡᠷᠡᠬᠦ ᠵᠠᠮ ᠢ ᠵᠠᠰᠠᠵᠤ | ᠥᠷᠭᠡᠳᠬᠡᠪᠡ᠃ ᠣᠳᠣᠬᠠᠨ ᠪᠣᠯᠲᠠᠯ᠎ᠠ᠂ ᠪᠠᠲᠤᠬᠠᠭᠠᠯᠭ᠎ᠠ ᠶᠢᠨ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢ | ᠳᠤᠷᠠᠰᠬᠠᠬᠤ ᠦᠵᠡᠭᠦᠯᠦᠯᠭᠡ ᠶᠢᠨ ᠲᠢᠩᠬᠢᠮ ᠳᠤ ᠨᠢᠭᠡᠨᠲᠡ 232 ᠪᠦᠯᠦᠭ ᠤᠳᠠᠭ᠎ᠠ ᠶᠢᠨ 7690 ᠬᠥᠮᠥᠨ ︵ | ᠤᠳᠠᠭ᠎ᠠ︶ ᠢ ᠬᠦᠯᠢᠶᠡᠨ ᠠᠪᠴᠤ ᠲᠣᠭᠤᠷᠢᠨ ᠦᠵᠡᠪᠡ᠃ | ᠬᠤᠶᠠᠷ ᠲᠤ᠂ ᠴᠡᠷᠢᠭ ᠠᠩᠭᠢ ᠪᠠ ᠣᠷᠣᠨ ᠨᠤᠲᠤᠭ ᠬᠠᠮᠳᠤᠷᠠᠯᠴᠠᠭᠰᠠᠨ ᠠᠵᠢᠯᠯᠠᠭ᠎ᠠ᠃ ᠴᠠᠭᠠᠨ ᠰᠠᠷ᠎ᠠ ᠂ ︽ | 8 · 1︾ ᠤ ᠬᠤᠭᠤᠴᠠᠭᠠᠨ ᠳᠤ ᠴᠡᠷᠢᠭ ᠠᠩᠭᠢ᠂ ᠴᠡᠷᠢᠭ ᠤᠨ ᠠᠮᠠᠷᠠᠯᠲᠠ ᠪᠠᠨ ᠠᠪᠤᠭᠰᠨᠠ ᠺᠠᠳ᠋ᠷ᠂ ᠠᠰᠠᠷᠠᠨ | ᠬᠠᠷᠠᠭᠠᠯᠵᠠᠬᠤ ᠡᠲᠡᠭᠡᠳ ᠳᠤ ᠨᠡᠶᠢᠲᠡ 39.7 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠲᠠᠷᠬᠠᠭᠠᠵᠠᠢ᠃ | 2024 ᠣᠨ ᠤ ᠳᠡᠭᠡᠷ᠎ᠡ ᠬᠠᠭᠠᠰ ᠵᠢᠯ ᠳᠤ 8 ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠪᠠ᠃ | ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠮᠥᠩᠭᠦ 43 ᠬᠥᠮᠥᠨ ᠳᠤ 103.5796 | ᠲᠦᠮᠡᠨ ᠲᠥᠭᠦᠷᠢᠭ ᠲᠠᠷᠬᠠᠭᠠᠵᠤ᠂ ᠬᠠᠪᠤᠷ ᠤᠨ ᠤᠯᠠᠷᠢᠯ ᠳᠤ ᠴᠡᠷᠢᠭ ᠲᠤ ᠡᠯᠰᠡᠭᠳᠡᠭᠰᠡᠨ 12 ᠠᠯᠪᠠᠨ ᠵᠢᠷᠤᠮ ᠤᠨ | ᠴᠡᠷᠢᠭ ᠨᠢᠭᠡ ᠯᠡ ᠳᠡᠭᠡᠷ᠎ᠡ 9.6 ᠲᠦᠮᠡᠨ ᠲᠥᠭᠦᠷᠢᠭ ᠲᠠᠷᠬᠠᠭᠠᠵᠤ᠂ ᠭᠤᠷᠪᠠᠳᠤᠭᠠᠷ ᠳᠡᠰ ᠤᠨ ᠭᠠᠪᠢᠶ᠎ᠠ | ᠪᠠᠶᠢᠭᠤᠯᠤᠭᠰᠠᠨ᠂ ︽ᠳᠥᠷᠪᠡ ᠶᠢ ᠪᠦᠷᠢᠳᠦᠭᠦᠯᠦᠭᠰᠡᠨ︾ ᠣᠹᠢᠼᠧᠷ᠂ ᠪᠠᠶᠢᠯᠳᠤᠭᠴᠢ᠂ ᠪᠢᠴᠢᠭ ᠤᠨ ᠠᠵᠢᠯᠲᠠᠨ | ᠵᠡᠷᠭᠡ 30 ᠴᠡᠷᠢᠭ ᠤᠨ ᠭᠡᠷ ᠪᠦᠯᠢ ᠳᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠬᠦᠷᠭᠡᠵᠦ᠂ 1.8 ᠲᠦᠮᠡᠨ | ᠲᠥᠭᠦᠷᠢᠭ ᠤᠨ ᠱᠠᠩᠨᠠᠯ ᠤᠨ ᠮᠥᠩᠭᠦ ᠣᠯᠭᠤᠪᠠ᠃ 1 ᠴᠡᠷᠢᠭ ᠤᠨ ᠭᠡᠷ ᠪᠦᠯᠢ ᠶᠢᠨ ᠣᠷᠣᠨ ᠰᠠᠭᠤᠴᠠ ᠶᠢᠨ | ᠠᠰᠠᠭᠤᠳᠠᠯ ᠢ ᠰᠢᠢᠳᠪᠦᠷᠢᠯᠡᠪᠡ᠃ 6 ᠰᠠᠷ᠎ᠠ ᠶᠢᠨ 4 ᠤ ᠡᠳᠦᠷ᠂ ᠴᠡᠷᠢᠭ ᠠᠩᠭᠢ ᠪᠠ ᠣᠷᠣᠨ ᠨᠤᠲᠤᠭ ᠤᠨ | ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠰᠤᠷᠤᠯᠭ᠎ᠠ ᠶᠢ ᠲᠡᠳᠬᠦᠨ | ᠬᠠᠮᠲᠤ ᠪᠠᠷ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠥᠷᠨᠢᠭᠦᠯᠬᠦ᠂ ᠭᠡᠷ | ᠪᠦᠯᠢ ᠶᠢᠨ ᠬᠢᠨ ᠨᠢ ᠳᠠᠭᠠᠵᠤ ᠢᠷᠡᠭᠰᠡᠳ ᠲᠥᠪᠬᠢᠨᠡᠭᠦᠯᠬᠦ᠂ ᠴᠡᠷᠢᠭ ᠤᠨ ᠬᠥᠮᠥᠨ ᠤ ᠦᠷ᠎ᠡ ᠬᠡᠦᠬᠡᠳ ᠢ | ᠰᠤᠷᠭᠠᠭᠤᠯᠢ ᠳᠤ ᠣᠷᠣᠭᠤᠯᠬᠤ ᠵᠡᠷᠭᠡ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ 6 ᠰᠠᠷ᠎ᠠ ᠶᠢᠨ 11 ᠤ | ᠡᠳᠦᠷ᠂ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ ᠬᠤᠰᠢᠭᠤᠨ ᠳᠤ ᠰᠠᠭᠤᠭ᠎ᠠ ᠨᠢᠭᠡᠨ ᠴᠡᠷᠢᠭ ᠠᠩᠭᠢ ᠳᠤ ︽ᠬᠢᠯᠢ | ᠬᠢᠵᠠᠭᠠᠷ ᠢ ᠰᠠᠬᠢᠵᠤ ᠬᠠᠮᠠᠭᠠᠯᠠᠯᠲᠠ ᠶᠢ ᠪᠠᠬᠢᠵᠢᠭᠦᠯᠬᠦ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ︾ ᠭᠤᠣᠯ | ᠰᠡᠳᠦᠪᠲᠦ ᠲᠣᠬᠤᠨᠢᠭᠤᠯᠬᠤ ᠲᠣᠭᠯᠠᠯᠲᠠ ᠥᠷᠨᠢᠭᠦᠯᠪᠡ᠃ 6 ᠰᠠᠷ᠎ᠠ ᠶᠢᠨ 12 ᠤ ᠡᠳᠦᠷ ᠠᠴᠠ 14 ᠤ ᠡᠳᠦᠷ | ᠪᠣᠯᠲᠠᠯ᠎ᠠ᠂ ᠬᠤᠰᠢᠭᠤᠨ ᠤ ︽ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠬᠤᠰᠢᠭᠤᠨ ᠳᠤ | ᠰᠠᠭᠤᠭ᠎ᠠ ᠴᠡᠷᠢᠭ ᠠᠩᠭᠢ᠂ ᠰᠤᠷᠭᠠᠭᠤᠯᠢ᠂ ᠨᠡᠶᠢᠭᠡᠮ ᠲᠣᠭᠤᠷᠢᠭ ᠲᠤ ᠬᠦᠷᠴᠦ ᠰᠢᠷᠢᠰ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ 6 ᠰᠠᠷ᠎ᠠ ᠶᠢᠨ 19 ᠤ ᠡᠳᠦᠷ᠂ ᠬᠤᠪᠢᠰᠬᠠᠯ ᠤᠨ ᠰᠤᠷᠭᠠᠨ | ᠬᠥᠮᠦᠵᠢᠯ ᠤᠨ ᠰᠠᠭᠤᠷᠢᠨ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠷᠢᠯᠴᠠᠬᠤ | ᠬᠤᠷᠠᠯ ᠬᠤᠷᠠᠯᠳᠤᠭᠤᠯᠵᠤ᠂ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠢ ᠬᠡᠷᠬᠢᠨ ᠠᠰᠢᠭᠯᠠᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠬᠦ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ | ᠡᠯ᠎ᠡ ᠲᠠᠯ᠎ᠠ ᠶᠢᠨ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠤᠨ ᠬᠤᠪᠢᠰᠬᠠᠯ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠬᠡᠷᠬᠢᠨ ᠠᠰᠢᠭᠯᠠᠬᠤ ᠶᠢ ᠬᠠᠮᠲᠤᠪᠠᠷ ᠰᠤᠳᠤᠯᠤᠨ ᠶᠠᠷᠢᠯᠴᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠪᠣᠯᠣᠨ ᠬᠥᠳᠡᠯᠭᠡᠬᠦ ᠬᠦᠴᠦᠨ | ᠨᠡᠮᠡᠷᠢᠯᠡᠵᠡᠢ᠃ 8 ᠰᠠᠷ᠎ᠠ ᠶᠢᠨ 1 ᠤ ᠡᠳᠦᠷ᠂ ︽ᠴᠡᠷᠢᠭ ᠠᠩᠭᠢ ᠶᠢᠨ ᠬᠦᠨ ᠵᠤᠵᠠᠭᠠᠨ ᠰᠡᠳᠬᠢᠯᠭᠡ ᠶᠢ ᠳᠤᠷᠠᠰᠤᠨ | ᠰᠠᠨᠠᠭᠠᠯᠵᠠᠵᠤ᠂ ᠭᠡᠷᠡᠯ ᠰᠠᠴᠤᠷᠠᠩᠭᠤᠢ ᠢᠷᠡᠭᠡᠳᠦᠢ ᠶᠢ ᠪᠢᠴᠢᠭᠯᠡᠶ᠎ᠡ︾ ᠬᠡᠬᠦ ︽8 · 1︾ ᠤ ᠶᠠᠷᠢᠯᠴᠠᠬᠤ ᠬᠤᠷᠠᠯ | ᠬᠤᠷᠠᠯᠳᠤᠭᠤᠯᠵᠤ᠂ ᠬᠠᠮᠤᠭ ᠤᠨ ᠭᠤᠶᠤ ᠴᠡᠷᠢᠭ ᠢᠶᠠᠨ ᠬᠦᠷᠢᠶᠡᠯᠡᠬᠦ ᠬᠥᠮᠥᠰ᠂ ᠬᠠᠮᠤᠭ ᠤᠨ ᠭᠤᠶᠤ ᠴᠡᠷᠢᠭ ᠡᠷ᠎ᠡ | ᠶᠢᠨ ᠬᠡᠷᠬᠡᠢ ᠪᠣᠯᠣᠨ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢ ᠶᠢ ᠤᠷᠢᠵᠤ ᠴᠡᠷᠢᠭ ᠠᠩᠭᠢ ᠶᠢᠨ | ᠠᠮᠢᠳᠤᠷᠠᠯ ᠢᠶᠠᠨ ᠡᠷᠭᠢᠴᠡᠭᠦᠯᠵᠦ᠂ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠠᠮᠲᠤᠪᠠᠷ ᠶᠠᠷᠢᠯᠴᠠᠪᠠ᠃ | ᠭᠤᠷᠪᠠ ᠳᠤ ᠨᠡᠶᠢᠭᠡᠮ ᠨᠡᠶᠢᠳᠡ ᠶᠢᠨ ᠴᠡᠷᠢᠭ ᠢᠶᠠᠨ ᠬᠦᠷᠢᠶᠡᠯᠡᠬᠦ ᠪᠤᠳᠠᠳᠤ ᠠᠵᠢᠯᠯᠠᠭ᠎ᠠ ᠶᠢ ᠲᠦᠯᠬᠢᠨ | ᠠᠬᠢᠭᠤᠯᠤᠪᠡ᠃ ᠬᠤᠲᠠ ᠶᠢᠨ ᠠᠷᠠᠳ ᠤᠨ ᠶᠡᠭᠡ ᠲᠢᠩᠬᠢᠮ᠂ ᠲᠡᠷᠭᠡᠨ ᠥᠷᠲᠡᠭᠡ᠂ ᠪᠠᠩᠬᠢ᠂ ᠡᠮᠨᠡᠯᠭᠡ ᠶᠢᠨ ᠬᠤᠷᠢᠶ᠎ᠠ | ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠡᠷᠢᠭ ᠠᠴᠠ ᠬᠠᠯᠠᠭᠳᠠᠭᠰᠠᠳ᠂ ᠠᠰᠠᠷᠠᠨ ᠬᠠᠷᠠᠭᠠᠯᠵᠠᠬᠤ ᠡᠲᠡᠭᠡᠳ ᠲᠤ | ᠤᠷᠢᠳᠠᠪᠠᠷ ᠦᠢᠯᠡᠴᠢᠯᠡᠭᠡ ᠬᠠᠩᠭᠠᠭᠰᠠᠨ ᠰᠠᠭᠤᠷᠢᠨ ᠳᠡᠭᠡᠷ᠎ᠡ᠂ ᠴᠡᠷᠢᠭ ᠢᠶᠠᠨ ᠬᠦᠷᠢᠶᠡᠯᠡᠬᠦ ᠬᠤᠳᠠᠯᠳᠤᠭᠠᠴᠢᠨ | ᠡᠷᠦᠬᠡ ᠶᠢᠨ ᠮᠡᠳᠡᠭᠡ ᠵᠠᠩᠭᠢ ᠶᠢ ᠽᠦᠨ ᠴᠦᠩ APP ᠳᠤ ᠣᠷᠣᠭᠤᠯᠵᠤ᠂ ᠲᠤᠰ ᠵᠥᠭᠡᠯᠡᠨ ᠲᠣᠨᠤᠭ ᠠᠴᠠ | ᠪᠤᠳᠠᠳᠠᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠤᠶᠢᠯᠠᠭᠤᠯᠵᠤ᠂ ᠡᠭᠦᠨ ᠤ ᠤᠯᠠᠮ ᠢᠶᠠᠷ ᠴᠡᠷᠢᠭ ᠢᠶᠠᠨ | ᠬᠦᠷᠢᠶᠡᠯᠡᠬᠦ ᠬᠡᠪᠴᠢᠶ᠎ᠡ ᠶᠢ ᠥᠷᠭᠡᠳᠬᠡᠨ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠢ | ᠬᠡᠷᠡᠭᠯᠡᠬᠦ ᠲᠠᠯᠠᠪᠤᠷ ᠢ ᠨᠡᠮᠡᠭᠳᠡᠭᠦᠯᠦᠨ᠎ᠡ᠃ 5 ᠰᠠᠷ᠎ᠠ ᠶᠢᠨ 23 ᠤ ᠡᠳᠦᠷ᠂ ︽ᠲᠢᠺ ᠲᠤᠺ ᠰᠢᠭᠤᠳ | ᠨᠡᠪᠲᠡᠷᠡᠭᠦᠯᠭᠡ ᠶᠢᠨ ᠲᠠᠰᠤᠭ︾ ᠤᠨ ᠤᠬᠠᠭᠤᠯᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠠᠵᠢᠯᠯᠠᠭ᠎ᠠ ᠪᠠᠷ ᠳᠠᠮᠵᠢᠭᠤᠯᠤᠨ᠂ ︽ᠡᠨᠡ ᠪᠣᠯ ᠳᠠᠷᠬᠠᠨ ᠮᠤᠤᠮᠢᠩᠭᠠᠨ︾ ᠬᠡᠬᠦ ᠳ᠋ᠤᠭᠠᠷ ᠲᠤ ᠴᠡᠷᠢᠭ ᠠᠴᠠ | ᠬᠠᠯᠠᠭᠳᠠᠭᠰᠠᠳ ᠤᠨ ᠬᠠᠮᠤᠭ ᠠᠴᠠ ᠢᠯᠡᠭᠦᠦ ᠠᠩᠬᠠᠷᠴᠤ ᠠᠰᠠᠭᠤᠳᠠᠯ ᠤᠨ ᠲᠣᠭᠤᠷᠢᠨ ᠳᠤ ᠤᠲᠠᠰᠤ ᠪᠠᠷ | ᠬᠤᠯᠪᠤᠭᠳᠠᠨ ᠶᠠᠷᠢᠯᠴᠠᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠬᠠᠢ ᠶᠢᠨ ᠲᠠᠯᠠᠪᠤᠷ ᠲᠤ | ᠲᠠᠶᠢᠯᠪᠤᠷᠢᠯᠠᠨ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠴᠠᠭ ᠲᠤᠬᠠᠢ ᠳᠤᠨᠢ ᠲᠠᠶᠢᠯᠪᠤᠷᠢᠯᠠᠨ ᠲᠠᠶᠢᠯᠪᠤᠷᠢᠯᠡᠨ | ᠰᠢᠢᠳᠪᠦᠷᠢᠯᠡᠪᠡ᠃ ᠰᠣᠶᠣᠯ ᠵᠢᠭᠤᠯᠴᠢᠯᠠᠯ ᠤᠨ ᠲᠣᠪᠴᠢᠶ᠎ᠠ ᠲᠠᠢ ᠬᠠᠮᠲᠤᠷᠠᠨ ᠵᠢᠭᠤᠯᠴᠢᠯᠠᠯ ᠤᠨ ᠦᠵᠡᠮᠵᠢ ᠶᠢᠨ | ᠴᠡᠭ ᠲᠠᠢ ᠵᠥᠪᠳᠡᠯᠴᠡᠨ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠦᠵᠡᠭᠦᠯᠬᠦ ᠦᠢᠯᠡᠴᠢᠯᠡᠭᠡ ᠬᠠᠩᠭᠠᠵᠤ᠂ | ᠴᠡᠷᠢᠭ ᠤᠨ ᠬᠥᠮᠥᠨ ᠤ ᠬᠦᠷᠳᠡᠮᠵᠢ ᠶᠢᠨ ᠰᠡᠳᠬᠢᠯᠭᠡ ᠶᠢ ᠨᠡᠮᠡᠭᠳᠡᠭᠦᠯᠪᠡ᠃ ᠬᠤᠰᠢᠭᠤᠨ ᠳᠤ ᠰᠠᠭᠤᠭ᠎ᠠ ᠬᠢᠯᠢ ᠶᠢᠨ | ᠴᠡᠷᠢᠭ ᠠᠩᠭᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠬᠥᠮᠥᠨ | ᠠᠳᠢᠶᠡ ᠶᠢᠨ ᠲᠡᠷᠢᠭᠦᠨ ᠤ ᠦᠶᠯᠡ ᠠᠵᠢᠯᠯᠠᠭ᠎ᠠ ᠶᠢ ᠶᠡᠬᠡᠪᠡᠷ ᠪᠠᠳᠠᠷᠠᠭᠤᠯᠵᠤ᠂ ᠴᠡᠷᠢᠭ ᠤᠨ ᠬᠤᠸᠠᠷᠠᠨ ᠤ | ᠨᠡᠭᠡᠭᠡᠯᠲᠡ ᠶᠢᠨ ᠡᠳᠦᠷ ᠢ ᠠᠰᠢᠭᠯᠠᠨ᠂ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠲᠤ ᠬᠠᠨᠳᠤᠭᠤᠯᠤᠨ ᠴᠡᠷᠢᠭ ᠤᠨ ᠬᠤᠸᠠᠷᠠᠨ ᠳᠤ ᠣᠷᠣᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ | ︵ᠭᠤᠷᠪᠠ︶ ᠠᠵᠢᠯ ᠣᠯᠭᠤᠵᠤ ᠦᠢᠯᠡᠰ ᠪᠤᠰᠬᠠᠬᠤ ᠠᠵᠢᠯ ᠢ ᠪᠡᠶᠡᠯᠡᠭᠦᠯᠦᠭᠰᠡᠨ ᠪᠠᠶᠢᠳᠠᠯ | ᠨᠢᠭᠡ ᠳᠤ ᠠᠵᠢᠯ ᠣᠯᠭᠤᠬᠤ ᠪᠠ ᠦᠢᠯᠡᠰ ᠪᠤᠰᠬᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠪᠡ᠃ ︽ | ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢᠨ ᠬᠥᠮᠥᠷᠭᠡ︾ ︽ᠴᠡᠷᠢᠭ ᠠᠴᠠ | ᠬᠠᠯᠠᠭᠳᠠᠭᠰᠠᠳ ᠤᠨ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠬᠥᠮᠥᠷᠭᠡ︾ ᠶᠢ | ᠲᠡᠭᠦᠯᠳᠡᠷᠵᠢᠭᠦᠯᠦᠨ ᠰᠢᠨᠡᠳᠬᠡᠵᠦ᠂ ︽ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠬᠤ᠂ ᠨᠠᠷᠢᠯᠢᠭ | ᠣᠨᠣᠴᠠᠲᠠᠢ ᠦᠢᠯᠡᠴᠢᠯᠡᠭᠡ ᠪᠠᠷ ᠬᠥᠭᠵᠢᠯᠲᠡ ᠶᠢ ᠳᠡᠮᠵᠢᠬᠦ︾ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ᠂ | ᠲᠤᠬᠠᠢ ᠶᠢᠨ ᠭᠠᠵᠠᠷ ᠤᠨ 12 ᠠᠵᠤ ᠠᠬᠤᠶᠢᠯᠠᠯ ᠲᠤᠰ ᠠᠵᠢᠯᠯᠠᠭᠠᠨ ᠳᠤ ᠤᠷᠤᠯᠴᠠᠨ 500 ᠭᠠᠷᠤᠢ ᠠᠵᠢᠯ ᠤᠨ | ᠪᠠᠶᠢᠷᠢ ᠬᠠᠩᠭᠠᠵᠤ᠂ 10 ᠴᠡᠷᠢᠭ ᠠᠴᠠ ᠬᠠᠯᠠᠭᠳᠠᠭᠰᠠᠳ ᠲᠠᠢ ᠰᠠᠨᠠᠯ ᠨᠢᠭᠡᠳᠪᠡ᠃ ᠲᠤᠰᠬᠠᠢ ᠲᠠᠨᠢᠯᠴᠠᠭᠤᠯᠭ᠎ᠠ ᠪᠠᠷ | ᠳᠡᠮᠵᠢᠨ ᠲᠦᠩ ᠸᠧᠢ ᠪᠦᠯᠦᠭᠯᠡᠯ ᠤᠨ ᠪᠣᠬᠢᠷᠲᠤᠯ ᠦᠭᠡᠢ ᠰᠠᠭᠤᠷᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ 2 | ᠰᠢᠯᠢᠳᠡᠭ ᠴᠡᠷᠢᠭ ᠠᠴᠠ ᠬᠠᠯᠠᠭᠳᠠᠭᠰᠠᠳ ᠢ ᠲᠠᠨᠢᠯᠴᠠᠭᠤᠯᠵᠠᠢ᠃ ᠦᠢᠯᠡᠰ ᠪᠤᠰᠬᠠᠬᠤ ᠪᠤᠯᠪᠠᠰᠤᠷᠠᠯ ᠰᠤᠷᠤᠯᠴᠠᠯᠭ᠎ᠠ | ᠪᠤᠯᠤᠨ ᠲᠥᠷᠥ ᠶᠢᠨ ᠪᠣᠳᠣᠯᠭ᠎ᠠ ᠶᠢ ᠬᠥᠳᠡᠭᠡ ᠪᠠᠭᠤᠯᠭᠠᠵᠤ ᠵᠢᠯᠣᠭᠤᠳᠤᠯᠭ᠎ᠠ᠂ ᠪᠣᠯᠪᠠᠰᠤᠷᠠᠭᠤᠯᠤᠯ ᠢᠶᠠᠷ ᠳᠡᠮᠵᠢᠨ | ᠴᠡᠷᠢᠭ ᠠᠴᠠ ᠬᠠᠯᠠᠭᠳᠠᠭᠰᠠᠳ ᠤᠨ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠳᠤ ᠬᠦᠴᠦᠨ ᠨᠡᠮᠡᠷᠢᠯᠡᠵᠦ | ᠦᠢᠯᠡᠴᠢᠯᠡᠭᠡ ᠬᠠᠩᠭᠠᠨ᠎ᠠ᠃ | ᠬᠤᠶᠠᠷ ᠲᠤ ᠠᠵᠢᠯ ᠣᠯᠭᠤᠬᠤ ᠪᠠ ᠦᠢᠯᠡᠰ ᠪᠤᠰᠬᠠᠬᠤ ᠦᠢᠯᠡᠴᠢᠯᠡᠭᠡ ᠶᠢ ᠳᠡᠭᠡᠭᠰᠢᠯᠡᠭᠦᠯᠪᠡ᠃ | ᠨᠤᠲᠤᠭ ᠲᠠᠭᠠᠨ ᠪᠤᠴᠠᠭᠰᠠᠨ ᠴᠡᠷᠢᠭ ᠤᠨ ᠠᠯᠪᠠᠨ ᠠᠴᠠ ᠪᠠᠭᠤᠭᠰᠠᠨ 4 ᠪᠠᠶᠢᠯᠳᠤᠭᠴᠢ ᠶᠢ ᠭᠥᠯᠢᠶᠡᠨ ᠠᠪᠬᠤ ᠶᠢᠨ | ᠬᠠᠮᠲᠤ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠪᠡ᠃ ᠬᠤᠰᠢᠭᠤᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠲᠠᠢ ᠬᠤᠯᠪᠤᠭᠠᠯᠠᠨ ᠴᠡᠷᠢᠭ ᠠᠴᠠ ᠬᠠᠯᠠᠭᠳᠠᠭᠰᠠᠳ ᠤᠨ ᠦᠢᠯᠡᠰ ᠪᠤᠰᠬᠠᠬᠤ ᠶᠢ | ᠵᠢᠯᠤᠭᠤᠳᠬᠤ ᠪᠣᠯᠪᠠᠰᠤᠷᠠᠯ ᠤᠨ ᠠᠩᠭᠢ ᠡᠷᠭᠢᠯᠡᠵᠦ᠂ ᠨᠡᠶᠢᠲᠡ 60 ᠭᠠᠷᠤᠢ ᠴᠡᠷᠢᠭ ᠠᠴᠠ ᠬᠠᠯᠠᠭᠳᠠᠭᠰᠠᠳ | ᠣᠷᠣᠯᠴᠠᠵᠠᠢ᠃ ᠲᠣᠰ ᠤᠳᠠᠭᠠᠨ ᠤ ᠪᠤᠯᠪᠠᠰᠤᠷᠠᠯ ᠢ ᠪᠠᠰᠠ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ︾ ︽ᠳᠥᠷᠪᠡ ᠶᠢ ᠡᠷᠬᠢᠮᠯᠡᠵᠦ ᠠᠷᠪᠠ ᠶᠢ ᠠᠬᠢᠭᠤᠯᠬᠤ︾ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠢ ᠤᠶᠠᠯᠳᠤᠭᠤᠯᠵᠤ᠂ ︽ᠰᠤᠷᠤᠯᠴᠠᠯᠭ᠎ᠠ ᠶᠢ ᠬᠥᠳᠡᠭᠡ | ᠪᠠᠭᠤᠯᠭᠠᠬᠤ︾ ᠠᠷᠭ᠎ᠠ ᠮᠠᠶ᠋ᠢᠭ ᠢᠶᠠᠷ ᠮᠡᠳᠡᠯᠭᠡ ᠮᠡᠷᠭᠡᠵᠢᠯ ᠪᠠ ᠲᠥᠷᠥ ᠶᠢᠨ ᠪᠣᠳᠣᠯᠭ᠎ᠠ ᠶᠢ ᠤᠯᠠᠮᠵᠢᠯᠠᠵᠠᠢ᠃ 7 | ᠰᠠᠷ᠎ᠠ ᠶᠢᠨ 26 ᠤ ᠡᠳᠦᠷ᠂ ᠲᠦᠩ ᠸᠧᠢ᠂ ᠪᠦᠦ ᠯᠢ ᠬᠤᠶᠠᠷ ᠠᠵᠤ ᠠᠬᠤᠶᠢᠯᠠᠯ ᠲᠠᠢ ᠨᠢᠭᠤᠷᠲᠠᠨ ᠵᠣᠯᠭᠠᠯᠴᠠᠵᠤ᠂ | ᠪᠥᠬᠦ ᠬᠤᠰᠢᠭᠤᠨ ᠤ 45 ᠨᠠᠰᠤᠨ ᠠᠴᠠ ᠳᠣᠷᠣᠭᠰᠢᠬᠢ ᠴᠡᠷᠢᠭ ᠠᠴᠠ ᠬᠠᠯᠠᠭᠳᠠᠭᠰᠠᠳ ᠲᠤ ᠤᠷᠢᠳᠠᠪᠠᠷ ᠠᠵᠢᠯ ᠤᠨ | ᠪᠠᠶᠢᠷᠢ ᠬᠠᠩᠭᠠᠬᠤ ᠲᠣᠬᠢᠶᠠᠯ ᠣᠯᠭᠤᠵᠤ᠂ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠳᠤ ᠪᠠᠶᠢᠭ᠎ᠠ ᠴᠡᠷᠢᠭ ᠠᠴᠠ | ᠬᠠᠯᠠᠭᠳᠠᠭᠰᠠᠳ ᠲᠤ ᠵᠣᠬᠢᠰᠲᠠᠢ ᠠᠵᠢᠯ ᠤᠨ ᠪᠠᠶᠢᠷᠢ ᠪᠠ ᠴᠠᠯᠢᠩ ᠬᠥᠯᠥᠰᠦ ᠶᠢᠨ ᠲᠣᠬᠢᠷᠠᠭᠤᠯᠤᠯᠲᠠ ᠬᠢᠵᠦ᠂ | ᠴᠡᠷᠢᠭ ᠠᠴᠠ ᠬᠠᠯᠠᠭᠳᠠᠭᠰᠠᠳ ᠤᠨ ᠠᠵᠢᠯ ᠣᠯᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ ᠥᠭᠬᠦ ᠪᠠᠷ | ᠵᠥᠪᠰᠢᠶᠡᠷᠡᠵᠡᠢ᠃ | ︵ᠳᠥᠷᠪᠡ︶ ᠡᠷᠬᠡ ᠠᠰᠢᠭ ᠢ ᠬᠠᠮᠠᠭᠠᠯᠠᠬᠤ ᠠᠵᠢᠯ ᠢ ᠪᠡᠶᠡᠯᠡᠭᠦᠯᠦᠭᠰᠡᠨ ᠪᠠᠶᠢᠳᠠᠯ | ᠠᠬᠠᠮᠠᠳ ᠴᠡᠷᠢᠭ ᠢ ᠬᠦᠯᠢᠶᠡᠨ ᠠᠪᠬᠤ ᠰᠠᠭᠤᠷᠢᠨ ᠭᠠᠵᠠᠷ ᠢ ᠪᠠᠶᠢᠭᠤᠯᠪᠠ᠃ ᠲᠣᠪᠴᠢᠶᠠᠨ ᠳᠠᠷᠤᠭ᠎ᠠ ᠪᠠ | ᠦᠢᠯᠡᠴᠢᠯᠡᠭᠡᠨ ᠤ ᠲᠥᠪ ᠤᠨ ᠡᠷᠬᠢᠯᠡᠭᠴᠢ ᠭᠠᠷᠠᠭ ᠪᠦᠷᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠬᠠᠮᠠᠳ | ᠴᠡᠷᠢᠭ ᠤᠨ ᠠᠵᠢᠯᠯᠠᠬᠤ ᠲᠠᠰᠤᠭ ᠲᠤ ᠰᠤᠷᠪᠤᠯᠵᠢᠯᠠᠬᠤ ᠪᠠᠷ ᠢᠷᠡᠭᠰᠡᠳ ᠢ ᠭᠥᠯᠢᠶᠡᠨ ᠠᠪᠴᠤ᠂ ᠲᠡᠳᠡᠨ ᠳᠤ | ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠥᠭᠬᠦ᠂ ᠬᠠᠪᠰᠤᠷᠤᠨ ᠲᠡᠳᠬᠦᠵᠦ ᠬᠦᠴᠢᠷᠳᠡᠯ ᠠᠴᠠ ᠨᠢ | ᠠᠩᠭᠢᠵᠢᠷᠠᠭᠤᠯᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠰᠡᠳᠬᠢᠴᠡ ᠶᠢᠨ ᠲᠠᠯ᠎ᠠ ᠪᠠᠷ ᠬᠥᠲᠥᠯᠥᠨ | ᠵᠢᠯᠤᠭᠤᠳᠬᠤ ᠵᠡᠷᠭᠡ ᠬᠠᠪᠰᠤᠷᠤᠯᠭ᠎ᠠ ᠬᠠᠩᠭᠠᠪᠠ᠃ ᠣᠲᠣ ᠪᠣᠯᠲᠠᠯ᠎ᠠ᠂ ᠨᠡᠶᠢᠲᠡ 30 ᠬᠥᠮᠥᠨ ᠢ ᠭᠥᠯᠢᠶᠡᠨ ᠠᠪᠴᠤ | ᠂ 13 ᠬᠦᠮᠦᠨ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠦᠭᠴᠤ᠂ 16 ᠳᠤᠰᠠᠯᠠᠮᠵᠢ ᠬᠦᠰᠡᠭᠰᠡᠨ ᠬᠦᠮᠦᠨ ᠢ | ᠬᠠᠪᠰᠤᠷᠤᠨ ᠲᠡᠳᠬᠦᠵᠦ᠂ 1 ᠬᠥᠮᠥᠨ ᠳᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠵᠦ᠂ ᠰᠡᠳᠬᠢᠴᠡ ᠶᠢᠨ | ᠵᠢᠯᠣᠭᠤᠳᠤᠯᠭ᠎ᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠣᠶᠤᠨ ᠰᠠᠨᠠᠭᠠᠨ ᠤ ᠲᠠᠶᠢᠳᠬᠤᠷᠠᠭᠤᠯᠤᠯ ᠪᠠ | ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 10 ᠬᠤᠪᠢ | ᠭᠤᠮᠣᠳᠠᠯ ᠲᠣᠭᠠᠴᠢᠯᠲᠠ ᠶᠢᠨ ᠤᠴᠢᠷ ᠶᠠᠪᠤᠳᠠᠯ ᠢ ᠠᠮᠵᠢᠯᠲᠠ ᠲᠠᠢ ᠪᠠᠷ ᠰᠢᠢᠳᠪᠦᠷᠢᠯᠡᠵᠦ᠂ 3 ᠰᠠᠶᠢᠰᠢᠶᠠᠯ ᠤᠨ | ᠲᠤᠭ ᠢ ᠭᠥᠯᠢᠶᠡᠨ ᠠᠪᠤᠭᠰᠠᠨ ᠪᠠᠶᠢᠨ᠎ᠠ᠃ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠬᠦᠷᠢᠶᠡᠨ ᠳᠠᠬᠢ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠳᠤᠳᠤᠷ᠎ᠠ ᠬᠡᠪᠴᠢᠶ᠎ᠡ ᠪᠠᠷ | ᠶᠡᠭᠡ ᠬᠠᠤᠯᠢ ᠪᠤᠰᠤ ᠴᠤᠭᠯᠠᠷᠠᠯ ᠡᠭᠦᠰᠦᠭᠰᠡᠨ ᠦᠭᠡᠢ᠂ ᠬᠤᠪᠢ ᠬᠥᠮᠥᠨ ᠤ ᠣᠨᠴᠠᠭᠠᠶ ᠬᠡᠷᠡᠭ ᠡᠭᠦᠰᠦᠭᠰᠡᠨ ᠦᠭᠡᠢ᠂ | ᠶᠠᠷᠢᠶ᠎ᠠ ᠬᠡᠯᠡᠯᠴᠡᠭᠡᠨ ᠤ ᠨᠠᠵᠠᠭᠠᠢ ᠲᠠᠯ᠎ᠠ ᠶᠢᠨ ᠨᠥᠯᠥᠭᠡ ᠡᠭᠦᠰᠦᠭᠰᠡᠨ ᠦᠭᠡᠢ᠃ ᠣᠲᠣ ᠪᠣᠯᠲᠠᠯ᠎ᠠ᠂ ᠪᠥᠬᠦ | ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠤᠲᠠᠰᠤᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ 0 ᠬᠤᠪᠢ᠂ ᠴᠡᠷᠢᠭ ᠠᠴᠠ ᠬᠠᠯᠠᠭᠳᠠᠭᠰᠠᠳ ᠤᠨ ᠵᠠᠬᠢᠳᠠᠯ | ᠰᠣᠷᠪᠤᠯᠵᠢᠯᠠᠭ᠎ᠠ ᠶᠢᠨ ᠲᠠᠪᠴᠠᠩ 3 ᠬᠤᠪᠢ ᠪᠠᠶᠢᠵᠤ᠂ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ᠂ ᠰᠡᠳᠬᠢᠴᠠ | ᠶᠢᠨ ᠵᠢᠯᠣᠭᠤᠳᠤᠯᠭ᠎ᠠ ᠵᠡᠷᠭᠡ ᠠᠷᠭ᠎ᠠ ᠬᠡᠯᠪᠡᠷᠢ ᠪᠠᠷ 3 ᠬᠤᠪᠢ ᠠᠰᠠᠭᠤᠳᠠᠯ ᠢ ᠠᠮᠵᠢᠯᠲᠠᠲᠠᠢ ᠰᠢᠢᠳᠪᠦᠷᠢᠯᠡᠵᠦ᠂ | ᠰᠢᠢᠳᠪᠦᠷᠢᠯᠡᠭᠰᠡᠨ ᠨᠣᠷᠮ᠎ᠠ ᠨᠢ 100% ᠳᠤ ᠬᠦᠷᠴᠦ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ᠂ | ᠲᠥᠪᠯᠡᠷᠡᠭᠦᠯᠦᠨ ᠰᠤᠷᠪᠤᠯᠵᠢᠯᠠᠬᠤ᠂ ᠵᠢᠭᠤᠷᠠᠯᠳᠤᠨ ᠰᠤᠷᠪᠤᠯᠵᠢᠯᠠᠬᠤ ᠵᠡᠷᠭᠡ ᠵᠠᠬᠢᠳᠠᠯ ᠰᠣᠷᠪᠤᠯᠵᠢᠯᠠᠭ᠎ᠠ ᠶᠢᠨ | ᠠᠰᠠᠭᠤᠳᠠᠯ ᠡᠭᠦᠰᠦᠭᠰᠡᠨ ᠦᠭᠡᠢ᠃ | ᠬᠥᠲᠥᠯᠥᠭᠴᠢ᠄ ᠲᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ | ᠵᠣᠴᠢᠨ᠄ | ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠳᠤ ᠳᠤᠷᠠᠳᠤᠭᠰᠠᠨ ︽ᠬᠤᠶᠠᠷ ᠦᠢᠯᠡᠴᠢᠯᠡᠭᠡ︾ ︽ | ᠭᠤᠷᠪᠠᠨ ᠰᠢᠰᠲ᠋ᠧᠮ︾ ︽ᠲᠠᠪᠤᠨ ᠰᠠᠶᠢᠨᠲᠠᠢ︾ ︽ᠬᠤᠶᠠᠷ ᠢ ᠡᠷᠬᠢᠮᠯᠡᠬᠦ︾ ᠵᠡᠷᠭᠡ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠵᠦ᠂ ︽ᠬᠤᠶᠠᠷ ᠢ ᠬᠦᠷᠢᠶᠡᠯᠡᠬᠦ︾ ᠶᠢ ᠬᠠᠮᠲᠤᠪᠠᠷ ᠪᠠᠶᠢᠭᠤᠯᠬᠤ ᠪᠠ | ᠴᠡᠷᠢᠭ ᠠᠴᠠ ᠬᠠᠯᠠᠭᠳᠠᠭᠰᠠᠳ ᠲᠤ ᠠᠵᠢᠯ ᠣᠯᠭᠤᠵᠤ ᠲᠥᠪᠬᠢᠨᠡᠭᠦᠯᠬᠦ᠂ ᠬᠠᠷᠠᠭᠠᠯᠵᠠᠨ ᠰᠠᠶᠢᠰᠢᠶᠠᠬᠤ᠂ ᠡᠷᠬᠡ | ᠠᠰᠢᠭ ᠢ ᠬᠠᠮᠠᠭᠠᠯᠠᠬᠤ᠂ ︽ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾ ︽ᠬᠠᠮᠤᠭ ᠤᠨ ᠭᠤᠶᠣ | ᠴᠡᠷᠢᠭ ᠢᠶᠠᠨ ᠬᠦᠷᠢᠶᠡᠯᠡᠬᠦ ᠬᠥᠮᠥᠰ︾ ᠢ ᠰᠣᠩᠭᠤᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ | ᠢᠷᠠᠭᠤ ᠠᠯᠳᠠᠷ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠨᠢᠭᠡ︶ ᠬᠤᠶᠠᠷ ᠢ ᠬᠦᠷᠢᠶᠡᠯᠡᠬᠦ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠤᠨ᠎ᠠ᠃ | ᠤᠯᠤᠰ ᠤᠨ 2024 ᠣᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠤᠶᠠᠷ ᠢ ᠬᠦᠷᠢᠶᠡᠯᠡᠬᠦ ᠵᠢᠱᠢᠶᠡᠴᠢ | ᠬᠤᠲᠠ ︵ᠰᠢᠶᠠᠨ︶ ᠶᠢ ᠡᠭᠦᠳᠦᠨ ᠪᠠᠶᠢᠭᠤᠯᠵᠤ ᠨᠡᠷᠡᠶᠢᠳᠬᠦ ᠬᠠᠮᠢᠶᠠᠷᠤᠯᠲᠠ ᠶᠢᠨ ᠠᠷᠭ᠎ᠠ ᠵᠢᠴᠢ ᠰᠢᠯᠭᠠᠨ ᠦᠨᠡᠯᠡᠬᠦ | ᠪᠠᠷᠢᠮᠵᠢᠶ᠎ᠠ︾ ᠶᠢ ᠴᠢᠩᠳᠠᠯᠠᠵᠤ᠂ ᠬᠤᠶᠠᠷ ᠢ ᠬᠦᠷᠢᠶᠡᠯᠡᠬᠦ ᠶᠢ ᠰᠢᠯᠭᠠᠨ ᠲᠣᠭᠲᠠᠭᠠᠵᠤ ᠰᠢᠯᠭᠠᠨ ᠪᠠᠶᠢᠴᠠᠭᠠᠬᠤ ᠶᠢ | ᠤᠭᠲᠤᠬᠤ ᠠᠵᠢᠯ ᠢ ᠭᠦᠢᠴᠡᠳ ᠰᠠᠶᠢᠲᠤᠷ ᠬᠢᠨ᠎ᠡ᠃ ︽ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ︾ ᠪᠠ | ︽ᠬᠠᠮᠤᠭ ᠤᠨ ᠭᠤᠶᠤ ᠴᠡᠷᠢᠭ ᠢᠶᠠᠨ ᠬᠦᠷᠢᠶᠡᠯᠡᠳᠡᠭ ᠬᠥᠮᠥᠰ︾ ᠢ ᠰᠢᠯᠭᠠᠷᠠᠭᠤᠯᠤᠨ ᠬᠥᠬᠢᠭᠦᠯᠬᠦ ᠪᠠ ᠰᠤᠷᠤᠯᠴᠠᠵᠤ | ᠤᠬᠠᠭᠤᠯᠬᠤ ᠠᠵᠢᠯᠯᠠᠭ᠎ᠠ ᠶᠢ ᠴᠢᠩᠭᠠᠳᠬᠠᠨ᠎ᠠ᠃ ︽ᠴᠡᠷᠢᠭ ᠤᠨ ᠨᠠᠮ ᠤᠨ ᠡᠭᠦᠷ ᠤᠨ ᠱᠦᠵᠢ︾ ᠶᠢᠨ ᠡᠩᠨᠡᠭᠡ ᠶᠢ | ᠪᠠᠶᠢᠭᠤᠯᠤᠨ ᠬᠦᠴᠦᠷᠬᠡᠭᠵᠢᠭᠦᠯᠬᠦ ᠶᠢ ᠵᠢᠯᠤᠭᠤᠳᠴᠤ᠂ ᠴᠡᠷᠢᠭ ᠠᠴᠠ ᠬᠠᠯᠠᠭᠳᠠᠭᠰᠠᠳ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠠᠪᠤᠴᠠ ᠳᠤ ︽ᠳᠠᠭᠠᠭᠤᠯᠤᠭᠴᠢ︾ ︽ᠳᠤᠯᠤᠭᠠᠶᠢᠯᠠᠭᠴᠢ︾ ᠪᠣᠯᠬᠤ ᠶᠢ ᠬᠥᠲᠥᠯᠥᠨ | ᠵᠢᠯᠤᠭᠤᠳᠤᠨ᠎ᠠ᠃ | ︵ᠬᠤᠶᠠᠷ︶ ᠠᠵᠢᠯ ᠣᠯᠭᠤᠵᠤ ᠦᠢᠯᠡᠰ ᠪᠤᠰᠬᠠᠬᠤ ᠠᠵᠢᠯ ᠤᠨ ᠲᠠᠯ᠎ᠠ ᠪᠠᠷ | ᠠᠵᠢᠯ ᠣᠯᠭᠤᠬᠤ ᠦᠢᠯᠡᠰ ᠪᠤᠰᠬᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠵᠠᠬᠢᠶᠠᠯᠠᠭ᠎ᠠ ᠶᠢᠨ ᠮᠠᠶ᠋ᠢᠭ ᠤᠨ ᠪᠤᠯᠪᠠᠰᠤᠷᠠᠯ᠂ ᠬᠠᠨᠳᠤᠯᠭ᠎ᠠ ᠲᠠᠢ ᠪᠠᠷ ᠤᠷᠢᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠤ ᠠᠬᠤᠶᠢᠯᠠᠯ ᠤᠨ ᠡᠬᠢ ᠪᠠᠶᠠᠯᠢᠭ ᠢ | ᠬᠠᠮᠲᠤ ᠪᠠᠷ ᠡᠳ᠋ᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠲᠤᠰᠠ ᠬᠥᠷᠳᠡᠬᠦ ᠪᠠ ᠠᠭᠤᠰᠤᠯᠴᠠᠬᠤ ᠶᠢ | ᠠᠬᠢᠭᠤᠯᠤᠨ᠎ᠡ᠃ ᠠᠬᠠᠮᠠᠳ ᠴᠡᠷᠢᠭ ᠤᠨ ᠦᠢᠯᠡᠰ ᠪᠤᠰᠬᠠᠬᠤ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠮᠣᠷᠢᠲᠤ | ᠴᠡᠷᠢᠭ ᠤᠨ ᠬᠤᠶᠢᠴᠢ ᠦᠶ᠎ᠡ ᠶᠢᠨ ᠬᠠᠩᠭᠠᠭᠰᠠᠨ ᠵᠢᠦ ᠯᠦᠩ ᠱᠠᠨ ᠵᠤᠸᠠᠩ ᠤᠨ ᠰᠤᠯᠠ ᠪᠠᠶᠢᠭ᠎ᠠ ᠭᠠᠵᠠᠷ ᠲᠤ | ᠤᠯᠤᠰ ᠲᠥᠷᠥ ᠰᠣᠶᠣᠯ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠠᠬᠠᠮᠠᠳ | ᠴᠡᠷᠢᠭ ᠤᠨ ᠰᠣᠯᠢᠯᠴᠠᠭ᠎ᠠ ᠪᠠ ᠦᠢᠯᠡᠰ ᠴᠣᠭᠴᠠᠯᠠᠬᠤ ᠳᠤ ᠲᠠᠪᠴᠠᠩ ᠪᠠᠶᠢᠭᠤᠯᠵᠤ ᠥᠭᠭᠦᠨ᠎ᠡ᠃ ᠰᠠᠭᠤᠷᠢᠨ | ᠭᠠᠵᠠᠷ ᠤᠨ ᠳᠣᠲᠣᠷᠠᠬᠢ ᠴᠠᠭᠠᠨ ᠢᠳᠡᠭᠡ ᠡᠳ᠋ᠰᠢᠭᠦᠯᠬᠦ ᠦᠢᠯᠡᠳᠪᠦᠷᠢ ᠪᠣᠯᠣᠨ ᠳᠠᠷᠢᠵᠤ ᠲᠡᠵᠢᠭᠡᠨ ᠦᠷᠡᠵᠢᠭᠦᠯᠬᠦ | ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢᠳ ᠤᠨ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠳᠤ ᠨᠡᠭᠡᠭᠡᠨ ᠠᠰᠢᠭᠯᠠᠬᠤ ᠶᠢᠨ ᠲᠥᠬᠦᠮ | ᠨᠥᠬᠦᠴᠡᠯ ᠢ ᠬᠠᠩᠭᠠᠨ᠎ᠠ᠃ | ︵ᠭᠤᠷᠪᠠ︶ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠲᠠᠯ᠎ᠠ ᠪᠠᠷ | ᠡᠷᠬᠡ ᠠᠰᠢᠭ ᠢ ᠬᠠᠮᠠᠭᠠᠯᠠᠬᠤ ᠠᠵᠢᠯ ᠤᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠪᠡ᠃ ᠴᠡᠷᠢᠭ ᠠᠴᠠ | ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ | ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠤᠨ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ᠂ ᠨᠡᠶᠢᠭᠡᠮ ᠤᠨ | ᠲᠣᠭᠲᠠᠭᠤᠨ ᠪᠠᠶᠢᠳᠠᠯ ᠤᠨ ᠶᠡᠭᠡ ᠲᠠᠯ᠎ᠠ ᠳᠤ ᠨᠡᠩ ᠰᠠᠶᠢᠨ ᠦᠢᠯᠡᠴᠢᠯᠡᠨ᠎ᠡ᠃ ︽ᠭᠤᠷᠪᠠ ᠶᠢ ᠠᠯᠤᠰᠯᠠᠵᠤ | ᠭᠤᠷᠪᠠ ᠶᠢ ᠰᠠᠯᠭᠠᠬᠤ︾ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠲᠦᠮᠵᠢᠲᠡᠶ ᠰᠢᠢᠳᠪᠦᠷᠢᠯᠡᠨ᠎ᠡ᠃ ᠲᠦᠷᠦ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ᠂ | ᠬᠦᠴᠢᠷᠳᠡᠯ ᠠᠴᠠ ᠠᠩᠭᠢᠵᠢᠷᠠᠭᠤᠯᠬᠤ ᠶᠢ ᠬᠠᠪᠰᠤᠷᠤᠨ ᠲᠡᠳᠬᠦᠬᠦ᠂ ᠠᠵᠢᠯᠲᠠᠨ ᠢ ᠲᠣᠭᠲᠠᠭᠤᠨ ᠢᠶᠠᠷ ᠬᠢᠵᠠᠭᠠᠷᠯᠠᠬᠤ | ᠵᠡᠷᠭᠡ ᠬᠤᠯᠪᠣᠭᠳᠠᠯ ᠪᠦᠬᠦᠢ ᠠᠵᠢᠯ ᠢ ᠨᠠᠷᠢᠯᠢᠭ ᠣᠨᠣᠴᠠᠲᠠᠢ ᠪᠠᠷ ᠵᠣᠬᠢᠴᠠᠭᠤᠯᠤᠨ ᠰᠠᠶᠢᠲᠤᠷ ᠬᠢᠨ᠎ᠡ᠃ ᠬᠠᠪᠰᠤᠷᠤᠨ | ᠲᠡᠳᠬᠦᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠬᠠᠪᠰᠤᠷᠤᠨ ᠲᠡᠳᠬᠦᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ | ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ︵ᠳᠥᠷᠪᠡ︶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠲᠠᠯ᠎ᠠ ᠪᠠᠷ | ︽ᠪᠢ ᠣᠯᠠᠨ ᠲᠦᠮᠡᠨ ᠳᠤ ᠳᠤᠰᠠ ᠪᠣᠯᠵᠤ ᠠᠯᠬᠤᠮ ᠳᠠᠷᠠᠭ᠎ᠠ ᠪᠠᠷ ᠭᠦᠢᠴᠡᠳᠬᠡᠬᠦ︾ ᠪᠠᠷ ᠭᠠᠷᠳᠠᠴᠠ | ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠠᠯᠬᠤᠮ ᠳᠠᠷᠠᠭ᠎ᠠ ᠶᠢ | ᠰᠢᠯᠢᠳᠡᠭᠵᠢᠭᠦᠯᠦᠨ᠂ ᠡᠩ ᠤᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠴᠣᠩᠬᠤᠪᠴᠢ ᠠᠵᠢᠯᠲᠠᠨ ᠤ | ᠬᠤᠪᠢ ᠪᠠᠷ᠂ ᠪᠡᠶ᠎ᠡ ᠪᠠᠷ ᠢᠶᠠᠨ ᠭᠦᠢᠴᠡᠳᠬᠡᠬᠦ᠂ ᠬᠠᠪᠰᠤᠷᠴᠤ ᠭᠦᠢᠴᠡᠳᠬᠡᠬᠦ᠂ ᠣᠷᠣᠯᠠᠨ ᠭᠦᠢᠴᠡᠳᠬᠡᠬᠦ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤᠮᠳᠠᠬᠢ ᠬᠦᠴᠢᠷ ᠠᠰᠠᠭᠤᠳᠠᠯ ᠢ | ᠴᠤᠭᠯᠠᠭᠤᠯᠬᠤ ᠶᠢᠨ ᠬᠠᠮᠲᠤ ᠵᠤᠬᠢᠰᠳᠠᠢ ᠠᠷᠭ᠎ᠠ ᠬᠡᠮᠵᠢᠶ᠎ᠠ ᠠᠪᠴᠤ ᠰᠢᠢᠳᠪᠤᠷᠢᠯᠡᠨ᠎ᠡ᠃ ᠡᠭᠦᠨ ᠤ ᠬᠠᠮᠲᠤ᠂ ᠰᠤᠮᠤ | ᠰᠢᠶᠠᠩ ᠪᠠᠯᠭᠠᠰᠤ ︵ᠨᠡᠶᠢᠭᠡᠮ ᠲᠣᠭᠤᠷᠢᠭ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠥᠷᠲᠡᠭᠡ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠎ᠡ᠃ ︽ᠨᠢᠭᠡ ᠶᠠᠪᠤᠳᠠᠯ ᠢ ᠨᠢᠭᠡ | ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠬᠠᠷᠠᠭᠠᠰᠤ ᠠᠴᠠ ᠡᠭᠦᠰᠴᠦ᠂ ︽ᠴᠡᠷᠢᠭ ᠠᠴᠠ ᠬᠠᠯᠠᠭᠳᠠᠭᠰᠠᠳ ᠤᠨ ᠨᠢᠭᠡ ᠶᠠᠪᠤᠳᠠᠯ︾ ᠢ | ᠭᠦᠢᠴᠡᠳᠬᠡᠬᠦ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠦᠢᠯᠡᠴᠢᠯᠡᠭᠡᠨ ᠤ ᠬᠠᠮᠳᠤ ᠤᠯᠠᠨ ᠳᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ ᠦᠢᠯᠡᠴᠢᠯᠡᠭᠡᠨ ᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ | ᠰᠢᠢᠳᠪᠦᠷᠢᠯᠡᠬᠦ ᠠᠷᠭ᠎ᠠ ᠶᠢ ᠢᠳᠡᠪᠬᠢᠲᠡᠢ ᠬᠠᠪᠰᠤᠷᠤᠨ ᠰᠦᠪᠡᠭᠴᠢᠯᠡᠵᠦ᠂ ᠨᠢᠭᠡ ᠶᠠᠪᠤᠳᠠᠯ ᠢ ᠭᠦᠢᠴᠡᠳᠬᠡᠬᠦ | ᠶᠠᠪᠤᠴᠠ ᠶᠢ ᠰᠢᠯᠢᠳᠡᠭᠵᠢᠭᠦᠯᠦᠨ᠂ ᠰᠠᠯᠠᠭ᠎ᠠ ᠮᠥᠴᠢᠷ ᠠᠯᠤᠰᠯᠠᠨ ᠠᠵᠢᠯ ᠶᠠᠪᠤᠳᠠᠯ ᠭᠦᠢᠴᠡᠳᠬᠡᠬᠦ ᠦᠷ᠎ᠡ | ᠪᠦᠲᠦᠮᠵᠢ ᠶᠢ ᠠᠬᠢᠭᠤᠯᠤᠨ᠎ᠠ᠃ | |