9 ᠳ᠋ᠦ᠋ᠭᠡᠷ ᠰᠠᠷ᠎ᠠ ᠶᠢᠨ 10 ᠤ ᠡᠳᠦᠷ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/9/11
      ᠮᠠᠨ ᠤ ᠣᠷᠣᠨ 2024 ᠣᠨ ᠤ ᠣᠶ ᠰᠢᠭᠤᠢ ᠨᠤᠲᠤᠭ ᠪᠡᠯᠴᠢᠭᠡᠷ ᠨᠤᠭᠤ ᠪᠠ ᠴᠥᠯᠡᠷᠬᠡᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠣᠶ ᠰᠢᠭᠤᠢ ᠶᠢᠨ ᠥᠯᠢᠭᠡᠷ ᠭᠠᠵᠠᠷ ᠢ ᠪᠠᠶᠢᠴᠠᠭᠠᠵᠤ ᠬᠢᠨᠠᠨ ᠰᠢᠨᠵᠢᠬᠦ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠪᠡ᠂ ᠪᠥᠬᠦ ᠣᠷᠣᠨ ᠤ ᠨᠡᠶᠢᠲᠡ 3227 ᠬᠡᠰᠡᠭ ᠣᠶ ᠰᠢᠭᠤᠢ ᠶᠢᠨ ᠥᠯᠢᠭᠡᠷ ᠭᠠᠵᠠᠷ ᠢ ᠬᠢᠨᠠᠨ ᠰᠢᠨᠵᠢᠬᠦ ᠡᠭᠦᠷᠭᠡ ᠪᠠᠨ ᠪᠡᠶᠡᠯᠡᠭᠦᠯᠵᠦ᠂ ᠪᠥᠬᠦ ᠤᠯᠤᠰ ᠤᠨ 5.4% ᠶᠢ ᠡᠵᠡᠯᠡᠨ᠂ ᠣᠶ ᠰᠢᠭᠤᠢ ᠶᠢᠨ ᠥᠯᠢᠭᠡᠷ ᠭᠠᠵᠠᠷ ᠢ ᠬᠢᠨᠠᠨ ᠰᠢᠨᠵᠢᠭᠰᠡᠨ ᠠᠬᠢᠴᠠ ᠨᠢ ᠪᠥᠬᠦ ᠤᠯᠤᠰ ᠤᠨ ᠠᠷᠪᠠᠳᠤᠭᠠᠷ ᠲᠤ ᠵᠢᠭᠰᠠᠭᠠᠭᠳᠠᠪᠠ᠃ ︵ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶      9 ᠳ᠋ᠦ᠋ᠭᠡᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠪᠣᠬᠢᠷᠲᠤᠯ ᠦᠭᠡᠢ ᠬᠢᠮᠢ ᠬᠢᠭᠡᠳ ᠣᠷᠴᠢᠨ ᠲᠣᠭᠤᠷᠢᠨ ᠤ ᠰᠤᠳᠤᠯᠭᠠᠨ ᠤ ᠬᠦᠷᠢᠶᠡᠯᠡᠩ᠂ ᠵᠣᠬᠢᠶᠠᠮᠠᠯ ᠤᠶᠤᠨ ᠤ ᠳᠡᠭᠡᠳᠦ ᠰᠤᠷᠭᠠᠭᠤᠯᠢ ᠪᠠᠶᠢᠭᠤᠯᠤᠭᠳᠠᠪᠠ᠃ ︵ᠰᠤᠷᠭᠠᠨ ᠬᠥᠮᠦᠵᠢᠯ ᠤᠨ ᠲᠢᠩᠬᠢᠮ︶      ᠣᠶᠢᠷ᠎ᠠ ᠳᠤ᠂ ᠤᠯᠤᠰ ᠤᠨ ᠳ᠋ᠠᠶᠢᠲ᠋ᠠ ᠶᠢᠨ ᠲᠣᠪᠴᠢᠶ᠎ᠠ ᠠᠩᠬᠠᠳᠠᠭᠴᠢ ᠪᠦᠯᠦᠭ ᠳ᠋ᠢᠭᠢᠲ᠋ᠠᠯ ᠳᠤᠮᠳᠠᠳᠤ ᠤᠯᠤᠰ ᠤᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠶᠢ ᠨᠡᠶᠢᠲᠡᠯᠡᠵᠦ᠂ ᠮᠠᠨ ᠤ ᠣᠷᠣᠨ ᠤ ︽ᠵᠠᠰᠠᠭ ᠤᠨ ᠶᠠᠪᠤᠳᠠᠯ ᠤᠨ ᠡᠭᠦᠯᠡᠨ ᠰᠦᠯᠵᠢᠶ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠬᠦ︾ ᠵᠢᠱᠢᠶ᠎ᠡ ᠪᠠᠷ ᠰᠣᠩᠭᠤᠭᠳᠠᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ 
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号