ᠮᠠᠨ ᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2024/9/11
      ᠮᠠᠨ ᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠤᠷᠤᠭᠰᠢᠲᠠᠢ ᠪᠠᠶᠢᠨ᠎ᠠ᠃ ᠮᠠᠨ ᠤ ᠣᠷᠣᠨ 2024 ᠣᠨ ᠳᠤ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠡᠯᠡ ᠣᠷᠤᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 3127 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 3.35 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 9051 ᠳ᠋ᠦᠩᠰᠢᠭᠤᠷ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ᠂ 3121 ᠲᠥᠷᠥᠯ ᠵᠦᠢᠯ ᠢ ᠠᠵᠢᠯ ᠡᠬᠢᠯᠡᠭᠦᠯᠦᠭᠰᠡᠨ ᠪᠠ ᠠᠵᠢᠯ ᠰᠡᠷᠭᠦᠭᠡᠵᠦ᠂ ᠠᠵᠢᠯ ᠡᠬᠢᠯᠡᠭᠦᠯᠦᠭᠰᠡᠨ ᠪᠠ ᠠᠵᠢᠯ ᠰᠡᠷᠭᠦᠭᠡᠭᠰᠡᠨ ᠨᠣᠷᠮ᠎ᠠ ᠨᠢ 99.8% ᠳᠤ ᠬᠦᠷᠴᠡᠢ︔ ᠨᠢᠭᠡᠨᠲᠡ 6347 ᠳ᠋ᠦᠩᠰᠢᠭᠤᠷ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠣᠨ ᠤ ᠪᠡᠯᠡ ᠣᠷᠤᠭᠤᠯᠤᠯᠲᠠ ᠶᠢᠨ ᠲᠥᠯᠥᠪᠯᠡᠭᠡ ᠶᠢᠨ ᠢᠶᠠᠨ 70% ᠶᠢ ᠪᠡᠶᠡᠯᠡᠭᠦᠯᠪᠡ᠃ ︵ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号