530.1 ᠲᠦᠮᠡᠨ ᠲᠤᠨ᠂ ᠮᠠᠨᠳᠤᠯ ᠪᠣᠭᠤᠮᠲᠠ 120 ᠡᠳᠦᠷ ᠤᠷᠢᠳᠴᠢᠯᠠᠨ ᠨᠢᠳᠤᠨᠤᠨ ᠤ ᠪᠦᠬᠦ ᠵᠢᠯ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/9/11
      ᠰᠤᠷᠪᠤᠯᠵᠢᠯᠠᠭᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠳᠠᠭᠠᠳᠤ  ᠶᠠᠪᠤᠳᠠᠯ ᠤᠨ ᠠᠯᠪᠠᠨ ᠭᠡᠷ ᠠᠴᠠ ᠣᠶᠢᠯᠠᠭᠠᠭᠰᠠᠨ ᠨᠢ᠂ 8 ᠰᠠᠷ᠎ᠠ ᠶᠢᠨ 21 ᠤ ᠡᠳᠦᠷ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 500 ᠲᠦᠮᠡᠨ ᠲᠣᠨ ᠤ ᠪᠣᠭᠤᠮᠲᠠ ᠶᠢ ᠳᠠᠪᠠᠭᠰᠠᠨ ᠤ ᠳᠠᠷᠠᠭ᠎ᠠ᠂ 9 ᠰᠠᠷ᠎ᠠ ᠶᠢᠨ 2 ᠤᠨ ᠡᠳᠦᠷ ᠤᠨ 20 ᠴᠠᠭ 30 ᠮᠢᠨᠦ᠋ᠲ ᠪᠣᠯᠲᠠᠯ᠎ᠠ᠂ ᠮᠠᠨᠳᠤᠯ ᠪᠣᠭᠤᠮᠲᠠ ᠶᠢᠨ ᠲᠣᠰ ᠡᠳᠦᠷ ᠤᠨ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 35145.02 ᠲᠣᠨ ᠂ ᠪᠥᠬᠦ ᠵᠢᠯ ᠤᠨ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 530.1 ᠲᠦᠮᠡᠨ ᠲᠣᠨ ᠪᠠᠶᠢᠵᠤ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠠᠳᠠᠯᠢ ᠲᠥᠷᠥᠯ ᠤᠨ ᠪᠣᠭᠤᠮᠲᠠ ᠶᠢᠨ ᠨᠢᠭᠡᠳᠦᠭᠡᠷ ᠲᠤ ᠵᠢᠭᠰᠠᠭᠳᠠᠵᠤ᠂ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠨᠢ ᠨᠢᠳᠤᠨᠤᠨ ᠤ ᠪᠥᠬᠦ ᠵᠢᠯ ᠤᠨ ᠬᠢ ᠠᠴᠠ 120 ᠡᠳᠦᠷ ᠤᠷᠢᠳᠴᠢᠯᠠᠨ  ᠪᠡᠶᠡᠯᠡᠭᠦᠯᠪᠡ᠃      ᠡᠨᠡ ᠵᠢᠯ ᠠᠴᠠ ᠨᠠᠭᠠᠰᠢ᠂ ᠮᠠᠨᠳᠤᠯ ᠪᠣᠭᠤᠮᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠢᠳᠡᠪᠬᠢᠯᠡᠨ ᠣᠯᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠪᠣᠭᠤᠮᠲᠠ ᠶᠢᠨ ᠲᠠᠷᠬᠠᠭᠠᠨ ᠲᠡᠭᠡᠭᠡᠪᠦᠷᠢᠯᠡᠬᠦ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ︔ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠰᠠᠯᠠᠭ᠎ᠠ ᠮᠥᠴᠢᠷ  ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠣᠭᠤᠮᠲᠠ ᠶᠢᠨ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠪᠡ︔ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠠᠷᠠᠭ᠎ᠠ ᠳᠠᠮᠵᠢᠭᠤᠯᠬᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠨ ᠰᠢᠯᠭᠠᠬᠤ ︽ᠰᠢᠨ᠎ᠡ ᠤᠷ᠎ᠠ ᠴᠢᠳᠠᠪᠤᠷᠢ︾ ᠶᠢ ᠲᠦᠯᠬᠢᠨ ᠠᠬᠢᠭᠤᠯᠵᠤ᠂ H986 ᠲᠣᠮᠣ ᠬᠡᠯᠪᠡᠷᠢ ᠶᠢᠨ ᠴᠢᠩᠭᠡᠯᠢᠭ ᠤᠨ ᠮᠠᠰᠢᠨ  ᠢᠶᠠᠷ ᠰᠢᠯᠭᠠᠨ ᠪᠠᠶᠢᠴᠠᠭᠠᠬᠤ  ᠵᠠᠮ ᠢ ᠠᠮᠵᠢᠯᠲᠠ ᠲᠠᠢ ᠪᠠᠷ ᠰᠢᠯᠭᠠᠨ ᠠᠪᠤᠭᠰᠠᠨ ᠨᠢ   ᠰᠢᠯᠭᠠᠨ ᠪᠠᠶᠢᠴᠠᠭᠠᠬᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠲᠤᠬᠠᠶ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠢ ᠲᠡᠭᠦᠯᠳᠡᠷᠵᠢᠭᠦᠯᠵᠦ᠂ ᠪᠣᠭᠤᠮᠲᠠ ᠪᠠᠷ ᠦᠩᠭᠡᠷᠡᠬᠦ ᠪᠠᠷᠠᠭᠠᠨ ᠤ ᠬᠡᠮᠵᠢᠶ᠎ᠡ ᠤᠳᠠᠭ᠎ᠠ ᠲᠠᠷᠠᠭ᠎ᠠ ᠪᠠᠷ ᠨᠡᠮᠡᠭᠳᠡᠪᠡ ᠃      ᠳᠠᠷᠠᠭᠠᠴᠢ ᠶᠢᠨ ᠠᠯᠬᠤᠮ ᠳᠤ᠂ ᠮᠠᠨᠳᠤᠯ ᠪᠣᠭᠤᠮᠲᠠ ᠨᠢ ᠪᠣᠭᠤᠮᠲᠠ ᠶᠢᠨ ᠨᠡᠪᠲᠡᠷᠡᠬᠦ ᠵᠠᠮ᠂ ᠬᠦᠢᠰᠦ᠂ ᠲᠠᠪᠴᠠᠩ᠂ ᠴᠣᠩᠬᠤ ᠵᠡᠷᠭᠡ ᠳᠥᠷᠪᠡᠨ ᠶᠡᠭᠡ ᠴᠢᠳᠠᠮᠵᠢ ᠶᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠣᠭᠤᠮᠲᠠ ᠪᠠᠷ ᠥᠩᠭᠡᠷᠡᠬᠦ ᠴᠢᠳᠠᠪᠤᠷᠢ᠂ ᠲᠥᠪᠯᠡᠷᠡᠭᠦᠯᠦᠨ ᠲᠠᠷᠬᠠᠭᠠᠵᠤ ᠵᠥᠭᠡᠭᠡᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠠᠷᠠᠯᠵᠢᠶ᠎ᠠ ᠶᠢ  ᠲᠦᠬᠦᠮᠵᠢᠬᠦᠯᠬᠦ᠂ ᠥᠨᠳᠥᠷ ᠦᠷ᠎ᠡ ᠠᠰᠢᠭᠵᠢᠭᠤᠯᠬᠤ᠂ ᠤᠶᠤᠨᠴᠢᠯᠠᠬᠤ ᠶᠢ ᠠᠬᠢᠭᠤᠯᠵᠤ᠂ ᠪᠣᠭᠤᠮᠲᠠ ᠶᠢᠨ ᠠᠵᠤ ᠠᠬᠤᠢ ᠶᠢᠨ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠮᠠᠨᠳᠤᠯ ᠪᠣᠭᠤᠮᠲᠠ ᠬᠦᠴᠦᠨ ᠴᠢᠳᠠᠯ ᠢᠶᠠᠨ  ᠡᠷᠬᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号