ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠨᠡᠷᠡᠰ ᠢ ᠨᠡᠶᠢᠲᠡᠯᠡᠬᠦ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠨᠡᠷᠡᠰ ᠲᠤ ᠵᠢᠭᠰᠠᠭᠠᠭᠳᠠᠵᠠᠶ
ᠨᠡᠶᠢᠲᠡᠯᠡᠭᠰᠡᠨ ᠴᠠᠭ᠄
2024/9/11
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ 2024 ᠣᠨ ᠤ ᠠᠩᠬᠠᠳᠠᠭᠴᠢ ᠪᠦᠯᠦᠭ ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ  ᠢᠶᠠᠷ ᠬᠦᠮᠦᠷᠭᠡᠯᠡᠭᠳᠡᠭᠰᠡᠨ‌ᠨᠡᠷᠡᠰ ᠢ ᠨᠡᠶᠢᠲᠡᠯᠡᠪᠡ᠃ ᠡᠭᠦᠨ ᠳᠤ᠂ ᠮᠠᠨ ᠤ ᠬᠤᠰᠢᠭᠤᠨ ᠤ ᠥᠪᠥᠷ ᠮᠣᠩᠭᠤᠯ ᠤᠨ ᠮᠢᠩ ᠱᠧᠩ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠢᠶᠠᠨ ᠴᠤᠸᠠᠩ ᠬᠢᠲᠠᠳ ᠡᠮ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠳ᠋ᠡ ᠮᠦ ᠮᠢᠬᠠᠨ ᠢᠳᠡᠭᠡᠨ ᠡᠳ᠋ᠰᠢᠭᠦᠯᠬᠦ ᠬᠢᠵᠠᠭᠠᠷᠲᠤ ᠺᠣᠮᠫᠠᠨᠢ ᠠᠮᠵᠢᠯᠲᠠ ᠲᠠᠢ ᠪᠠᠷ ᠬᠥᠮᠥᠷᠭᠡ ᠳᠤ ᠤᠷᠤᠪᠠ᠃ ᠡᠨᠡ ᠬᠦ ᠢᠷᠠᠭᠤ ᠠᠯᠳᠠᠷ ᠢ ᠣᠯᠤᠭᠰᠠᠨ ᠨᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠣᠯᠤᠭᠰᠠᠨ ᠠᠮᠵᠢᠯᠲᠠ ᠪᠦᠲᠦᠮᠵᠢ ᠶᠢ ᠨᠤᠳᠠᠯᠠᠭᠰᠠᠨ ᠢᠶᠠᠷ ᠪᠠᠷᠠᠬᠤ ᠦᠭᠡᠢ᠂ ᠨᠡᠩ ᠴᠤ ᠠᠵᠤ ᠠᠬᠤᠶᠢᠯᠠᠯ ᠤᠨ ᠢᠷᠡᠭᠡᠳᠦᠢ  ᠳᠤ ᠦᠷᠬᠦᠯᠵᠢᠯᠡᠨ ᠠᠵᠢᠯ ᠲᠦᠷᠦᠯ ᠤᠨ ᠰᠢᠨ᠎ᠡ ᠶᠢ ᠡᠭᠦᠳᠬᠦ ᠬᠥᠭᠵᠢᠯᠲᠡ ᠶᠢ  ᠬᠦᠳᠦᠯᠦᠨ ᠳᠠᠭᠠᠭᠤᠯᠬᠤ ᠬᠦᠰᠡᠯ ᠡᠷᠡᠮᠡᠯᠵᠡᠯ ᠤᠯᠭᠤᠭᠰᠠᠨ ᠪᠣᠯᠤᠨ᠎ᠠ᠃     ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠪᠣᠯ ᠤᠯᠤᠰ ᠤᠨ ᠲᠠᠰ ᠤᠨ ᠴᠢᠨᠠᠷ ᠰᠠᠶᠢᠲᠠᠶ ᠳᠤᠮᠳᠠ ᠪᠠᠭ᠎ᠠ ᠠᠵᠤ ᠠᠬᠤᠶᠢᠯᠠᠯ ᠤᠨ ᠢᠷᠠᠭᠤ ᠠᠯᠳᠠᠷ ᠤᠨ ᠴᠣᠯᠠ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ︽ᠬᠡᠷᠡᠴᠢᠯᠡᠯ︾  ᠮᠥᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠡᠷᠲᠡ ᠪᠡᠯᠡ ᠣᠷᠣᠭᠤᠯᠬᠤ᠂  ᠪᠠᠭ᠎ᠠ ᠪᠡᠯᠡ ᠣᠷᠣᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠠᠯᠠ ᠣᠷᠣᠭᠤᠯᠬᠤ︾ ᠭᠤᠤᠯᠳᠠᠯᠭ᠎ᠠ ᠲᠠᠢ ᠳᠡᠮᠵᠢᠬᠦ ᠡᠲᠡᠭᠡᠳ ᠮᠥᠨ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠬᠦ᠂ ᠠᠯᠳᠠᠭᠳᠠᠯ ᠢ ᠨᠦᠬᠦᠪᠦᠷᠢᠯᠡᠵᠦ ᠵᠢᠯ ᠬᠤᠭᠤᠴᠠᠭ᠎ᠠ ᠶᠢ ᠨᠡᠮᠡᠭᠳᠡᠭᠦᠯᠬᠦ ᠵᠡᠷᠭᠡ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠠᠴᠠ ᠭᠠᠳᠠᠨ᠎ᠠ  ᠪᠠᠰᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ  ᠤᠨ ᠬᠤᠪᠢᠷᠠᠭᠤᠯᠤᠯᠳᠠ ᠶᠢᠨ ᠵᠢᠭᠡᠯᠡᠯᠭᠡ ᠶᠢᠨ ᠳᠠᠮ  ᠬᠦᠦ ᠮᠥᠩᠭᠦ ᠶᠢ ᠭᠤᠶᠤᠴᠢᠯᠠᠬᠤ ᠵᠡᠷᠭᠡ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥᠯ ᠵᠦᠢᠯ ᠤᠨ ᠴᠢᠬᠤᠯᠠ  ᠪᠤᠱᠤᠭ᠎ᠠ ᠮᠥᠨ᠃    ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ  ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ  ᠪᠠᠭ᠎ᠠ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠬᠦᠮᠦᠷᠭᠡᠯᠡᠬᠦ ᠪᠠᠷ ᠢᠳᠡᠪᠬᠢᠲᠡᠶ ᠪᠠᠷ ᠲᠠᠨᠢᠯᠴᠠᠭᠤᠯᠵᠤ᠂ ᠮᠠᠨ ᠤ ᠬᠤᠰᠢᠭᠤᠨ ᠤ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ  ᠪᠠᠭ᠎ᠠ ᠠᠵᠤ ᠠᠬᠤᠶᠢᠯᠠᠯ ᠤᠨ ᠬᠡᠪᠴᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠮᠠᠨ ᠤ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号