ᠵᠢᠶᠠ ᠪᠦᠦ ᠯᠢᠶᠠᠩ ᠪᠥᠬᠦ ᠬᠤᠰᠢᠭᠤᠨ ᠤ ᠵᠡᠰ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
       9 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠪᠥᠬᠦ ᠬᠤᠰᠢᠭᠤᠨ ᠤ ᠵᠡᠰ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠨ᠂ ︽ᠰᠢᠢᠳᠪᠦᠷᠢᠯᠡᠵᠦ ᠲᠡᠶᠢᠯᠬᠦ ᠰᠡᠳᠬᠢᠬᠦᠶ︾ ᠶᠢ ᠴᠢᠩᠭᠠᠳᠬᠠᠵᠤ᠂ ᠵᠡᠰ ᠤᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠣᠨᠣᠪᠴᠢᠲᠠᠶ᠂ ᠪᠣᠳᠠᠲᠠᠶ ᠪᠠᠷ᠂ ᠥᠨᠳᠥᠷ ᠪᠦᠲᠦᠮᠵᠢᠲᠡᠶ ᠪᠠᠷ ᠠᠬᠢᠭᠤᠯᠵᠤ᠂ ᠪᠤᠭᠤᠲᠤ ᠬᠤᠲᠠ ᠶᠢᠨ ᠵᠡᠰ ᠤᠨ ᠠᠵᠤ ᠦᠢᠯᠡᠰ ‍ᠤᠨ‌‍ᠰᠦ᠋ᠷᠦᠭᠵᠢᠨ ᠬᠦᠭᠵᠢᠬᠦ ᠳᠤ ᠳᠠᠷᠬᠠᠨ  ᠮᠤᠤᠮᠢᠩᠭᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃      ᠶᠠᠷᠢᠯᠴᠠᠬᠤ ᠬᠤᠷᠠᠯ ᠳᠡᠭᠡᠷ᠎ᠡ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠪᠥᠬᠦ ᠬᠤᠰᠢᠭᠤᠨ ᠤ ᠵᠡᠰ ᠤᠨ ᠠᠵᠤ  ᠦᠢᠯᠡᠰ ᠤᠨ ᠬᠥᠭᠵᠢᠯᠲᠡ ᠶᠢᠨ ᠪᠠᠶᠢᠳᠠᠯ᠂ ᠮᠣᠩᠭᠤᠯ ᠤᠯᠤᠰ ᠤᠨ ᠵᠡᠰ ᠤᠨ ᠠᠵᠤ  ᠦᠢᠯᠡᠰ ᠪᠣᠯᠤᠨ ᠮᠠᠨᠳᠤᠯ ᠪᠣᠭᠤᠮᠲᠠ ᠶᠢᠨ ᠠᠷᠠᠯᠵᠢᠶᠠᠨ ᠤ ᠪᠠᠶᠢᠳᠠᠯ ᠢ ᠨᠠᠷᠢᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠬᠤᠰᠢᠭᠤᠨ ᠤ ᠤᠳᠤᠷᠢᠳᠤᠯᠭ᠎ᠠ᠂ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠠᠵᠤ  ᠦᠢᠯᠡᠰ ᠤᠨ ᠣᠳᠣᠬᠢ ᠪᠠᠶᠢᠳᠠᠯ᠂ ᠬᠢᠵᠠᠭᠠᠷᠯᠠᠬᠤ ᠠᠰᠠᠭᠤᠳᠠᠯ ᠵᠢᠴᠢ ᠢᠷᠡᠭᠡᠳᠦᠶ ᠶᠢᠨ ᠬᠥᠭᠵᠢᠯᠲᠡ ᠶᠢᠨ ᠰᠡᠳᠬᠢᠮᠵᠢ ᠵᠡᠷᠭᠡ ᠶᠢᠨ ᠲᠣᠭᠤᠷᠢᠨ ᠳᠤ ᠶᠠᠷᠢᠶ᠎ᠠ ᠲᠠᠯᠪᠢᠵᠣ ᠰᠠᠨᠠᠯ ᠢᠶᠠᠨ ᠰᠤᠯᠢᠯᠴᠠᠪᠠ ᠃      ᠬᠤᠷᠠᠯ ᠡᠴᠠ‌‍ᠴᠢᠬᠤᠯᠠᠴᠢᠯᠠᠭᠰᠠᠨ ᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠰ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠰᠠᠶᠢᠨ᠂ ᠪᠤᠭᠤᠲᠤ ᠬᠤᠲᠠ ᠶᠢᠨ ᠵᠡᠰ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠨᠢᠭᠲᠠ ᠤᠶᠠᠯᠳᠤᠭᠤᠯᠤᠨ᠂ ᠮᠠᠨ ᠤ ᠬᠤᠰᠢᠭᠤᠨ ᠤ ᠡᠬᠢ ᠪᠠᠶᠠᠯᠢᠭ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠪᠦᠷᠢᠳᠬᠡᠵᠦ᠂ ᠶᠠᠭᠤ ᠪᠠᠶᠢᠬᠤ᠂ ᠶᠠᠭᠤ ᠬᠢᠵᠦ ᠪᠣᠯᠬᠤ ᠶᠢ ᠲᠣᠳᠣᠷᠬᠠᠶ ᠡᠮᠬᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠣᠨᠣᠪᠴᠢᠲᠠᠶ ᠡᠷᠢᠵᠦ᠂ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠰᠤᠳᠤᠯᠵᠤ᠂ ᠬᠥᠭᠵᠢᠯᠲᠡ ᠶᠢᠨ ᠬᠠᠷᠠᠯᠲᠠ᠂  ᠰᠢᠪᠲᠤᠯᠤᠯᠲᠠ ᠵᠢᠨ‌ᠭᠤᠤᠯ ᠴᠢᠭᠯᠡᠯ ᠪᠠ ᠡᠭᠦᠷᠭᠡ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠬᠡᠷᠡᠭᠲᠡᠶ᠃ ᠮᠠᠨ ᠤ ᠬᠤᠰᠢᠭᠤᠨ ᠤ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠲᠠᠯ᠎ᠠ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠭᠤᠤᠯᠳᠠᠯᠭ᠎ᠠ ᠲᠠᠢ ᠡᠬᠢ ᠪᠠᠶᠠᠯᠢᠭ ᠤᠨ ᠬᠠᠶᠢᠨ ᠪᠠᠶᠢᠴᠠᠭᠠᠯᠲᠠ ᠶᠢ ᠴᠢᠩᠭᠠᠳᠬᠠᠨ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠡᠬᠢ ᠪᠠᠶᠠᠯᠢᠭ ᠤᠨ ᠪᠠᠲᠤᠯᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠪᠣᠭᠤᠮᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠦᠭᠦᠬᠡᠢ ᠮᠠᠲ᠋ᠧᠷᠢᠶᠠᠯ ᠤᠨ ᠬᠢᠯᠢ ᠠᠯᠤᠰᠯᠠᠭᠰᠠᠨ ᠲᠡᠭᠡᠭᠡᠪᠦᠷᠢ ᠶᠢᠨ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠮᠠᠨᠳᠤᠯ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠳᠤ ᠳᠥᠭᠦᠮ ᠦᠵᠡᠭᠦᠯᠬᠦ ᠲᠦᠪᠰᠢᠨ ᠢ ᠳᠡᠭᠡᠭᠰᠢᠯᠡᠭᠦᠯᠵᠦ᠂ ᠵᠡᠰ ᠤᠨ ᠠᠵᠤ ᠦᠢᠯᠡᠰ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃  ᠨᠡᠭᠦᠷᠡᠰᠦᠲᠥ᠋ᠷᠥᠭᠴᠢ ᠦᠬᠡᠢ ᠬᠦᠷᠢᠶᠡᠯᠡᠩ ᠲᠣᠭᠤᠷᠢᠭ ᠤᠨ ᠰᠠᠭᠤᠷᠢ ᠪᠠ ᠳᠠᠪᠠᠭᠤᠯᠢᠭ ᠲᠤ ᠰᠠᠭᠤᠷᠢᠯᠠᠵᠤ᠂ ᠠᠵᠤ ᠦᠢᠯᠡᠰ ᠤᠨ ᠲᠥᠯᠥᠪᠵᠢᠭᠦᠯᠭᠡ ᠶᠢ ᠤᠨᠢᠨ ᠳᠡᠭᠡᠷ᠎ᠡ ᠨᠢ ᠰᠠᠶᠢᠲᠤᠷ ᠬᠢᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭ᠎ᠠ ᠪᠣᠳᠠᠲᠠᠢ ᠠᠳᠬᠤᠵᠤ᠂ ᠨᠡᠩ ᠤᠯᠠᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ ᠪᠦᠷᠢᠯᠳᠦᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ  ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠵᠦ᠂ ᠤᠰᠤ ᠴᠠᠬᠢᠯᠭᠠᠨ ᠵᠠᠮ ᠮᠡᠳᠡᠭᠡ ᠬᠡᠢ ᠶᠢᠨ ᠭᠠᠷ ᠬᠦᠢᠴᠡᠳᠭᠡᠯ ᠬᠢᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠨᠤᠲᠤᠭ ᠪᠡᠯᠴᠢᠭᠡᠷ᠂ ᠭᠠᠵᠠᠷ ᠰᠢᠷᠣᠶ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ  ᠬᠦᠢᠴᠡᠳᠭᠡᠵᠦ᠂ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ  ᠦᠢᠯᠡᠰ ᠢ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号