ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/11
      ᠶᠡᠷᠦᠩᠬᠡᠶ ᠱᠦᠵᠢ ᠰᠢ ᠶᠢᠨ ᠫᠢᠩ ᠤᠨ ᠵᠡᠮᠳᠡᠭᠴᠦᠳ ᠤᠨ ᠠᠵᠢᠯ ᠣᠯᠭᠤᠯᠲᠠ ᠶᠢᠨ ᠭᠤᠷᠪᠠᠨ ᠵᠢᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠯᠢᠦ ᠬᠤᠸᠠ ᠯᠢᠨ ᠪᠦᠯᠬᠦᠮ ᠳᠠᠭᠠᠭᠤᠯᠤᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠳᠤ ᠢᠷᠡᠵᠦ ᠵᠡᠮᠳᠡᠭᠴᠦᠳ ᠤᠨ ᠠᠵᠢᠯ ᠣᠯᠭᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠵᠣᠣ ᠮᠠᠨ ᠢ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠢᠦᠶ ᠾᠧ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠤᠤ ᠹᠸᠢ ᠵᠢᠴᠢ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ  ᠬᠠᠷᠢᠭᠤᠴᠠᠯᠭᠠᠳᠠᠳ ᠪᠠᠷ᠎ᠠ ᠪᠣᠯᠵᠣ ᠪᠠᠶᠢᠴᠠᠭᠠᠪᠠ᠃       ᠪᠠᠶᠢᠴᠠᠭᠠᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ  ᠢ ᠨᠠᠶᠢᠳᠠᠨ  ᠠᠰᠠᠷᠠᠭᠤᠯᠬᠤ ᠲᠥᠪ ᠪᠣᠯᠤᠨ ᠲᠤᠰᠠᠯᠠᠬᠤ ᠴᠢᠨᠠᠷᠲᠠᠶ ᠠᠵᠢᠯ ᠣᠯᠭᠤᠯᠲᠠ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠨᠠᠶᠢᠳᠠᠨ ᠠᠰᠠᠷᠠᠭᠤᠯᠬᠤ ᠲᠥᠪ ᠤᠨ ᠬᠠᠷᠢᠭᠤᠴᠠᠯᠭᠠᠲᠠᠨ ᠤ ᠵᠡᠮᠳᠡᠭᠴᠦᠳ  ᠲᠤ ᠵᠤᠷᠢᠭᠤᠯᠤᠭᠰᠠᠨ ︽ᠨᠠᠶᠢᠳᠠᠨ ᠠᠰᠠᠷᠠᠭᠤᠯᠵᠤ  + ᠠᠵᠢᠯ ᠣᠯᠭᠤᠬᠤ︾ ᠵᠠᠭᠪᠤᠷ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠳᠠᠯ ᠪᠣᠯᠤᠨ ᠪᠠᠶᠢᠭᠤᠯᠤᠮᠵᠢ ᠶᠢᠨ ᠡᠵᠡᠩᠨᠡᠯᠲᠡ ᠶᠢᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠵᠡᠮᠳᠡᠭᠴᠦᠳ ᠤᠨ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠪᠣᠯᠪᠠᠰᠤᠷᠠᠯ᠂ ᠢᠳᠡᠭᠡᠨ ᠤᠮᠳᠠᠭᠠᠨ ᠤ ᠪᠠᠲᠤᠯᠠᠭ᠎ᠠ ᠂ ᠬᠥᠮᠦᠯᠢᠭ ᠬᠠᠯᠠᠮᠵᠢᠯᠠᠯ ᠵᠡᠷᠭᠡ ᠦᠢᠯᠡᠴᠢᠯᠡᠭᠡᠨ ᠤ ᠪᠠᠶᠢᠳᠠᠯ ᠢ ᠣᠶᠢᠯᠠᠭᠠᠬᠤ ᠶᠢᠨ ᠬᠠᠮᠲᠤ ᠵᠡᠮᠳᠡᠭᠴᠦᠳ ᠢ ᠨᠠᠶᠢᠳᠠᠨ ᠠᠰᠠᠷᠠᠭᠤᠯᠬᠤ ᠦᠢᠯᠡᠴᠢᠯᠡᠭᠡ ᠶᠢ ᠰᠠᠶᠢᠲᠤᠷ ᠥᠷᠨᠢᠭᠦᠯᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠲᠤᠰᠠᠯᠠᠬᠤ ᠴᠢᠨᠠᠷᠲᠠᠶ ᠠᠵᠢᠯ ᠣᠯᠭᠤᠯᠲᠠ ᠶᠢᠨ ᠰᠠᠭᠤᠷᠢᠨ ᠭᠠᠵᠠᠷ ᠤᠨ ᠬᠥᠨᠳᠡᠶᠢᠷᠡᠭᠦᠯᠬᠦ ᠵᠡᠭᠦᠦ ᠦᠢᠯᠡᠳᠬᠦ ᠲᠠᠰᠤᠭ ᠪᠣᠯᠤᠨ ᠴᠠᠭᠠᠨ ᠢᠳᠡᠭᠡᠨ ᠪᠣᠭᠤᠳᠠᠯᠯᠠᠬᠤ ᠲᠠᠰᠤᠭ ᠢ ᠲᠣᠭᠤᠷᠢᠨ ᠦᠵᠡᠵᠦ᠂ ᠯᠢᠦ ᠬᠤᠸᠠ ᠯᠢᠨ ᠦᠢᠯᠡᠳᠪᠦᠷᠢ ᠶᠢᠨ ᠲᠠᠰᠤᠭ ᠤᠨ ᠵᠡᠮᠳᠡᠭᠴᠦᠳ ᠲᠠᠢ ᠳᠣᠲᠣᠨᠣ ᠪᠠᠷ  ᠶᠠᠷᠢᠯᠴᠠᠨ᠂ ᠲᠡᠳᠡᠨ ᠤ ᠠᠵᠢᠯ ᠤᠨ ᠪᠠᠶᠢᠳᠠᠯ ᠢ ᠠᠰᠠᠭᠤᠵᠤ᠂ ᠲᠡᠳᠡᠨ ᠢ ᠠᠮᠢᠳᠤᠷᠠᠯ ᠢᠶᠠᠨ ᠬᠠᠶᠢᠷᠠᠯᠠᠵᠤ᠂ ᠴᠢᠷᠮᠠᠶᠢᠨ ᠠᠵᠢᠯᠯᠠᠬᠤ ᠶᠢ ᠵᠣᠷᠢᠭᠵᠢᠭᠤᠯᠪᠠ᠃       ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠲᠦᠩ ᠸᠧᠶ ᠪᠣᠬᠢᠷᠲᠤᠯ ᠥᠬᠡᠶ ᠦᠨᠳᠦᠰᠦᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ  ᠬᠠᠷᠢᠴᠠᠯ ᠢᠶᠠᠷ ᠵᠡᠮᠳᠡᠭᠴᠦᠳ ᠢ ᠲᠥᠪᠬᠢᠨᠡᠭᠦᠯᠵᠦ ᠠᠵᠢᠯ ᠣᠯᠭᠤᠭᠰᠠᠨ ᠪᠠᠶᠢᠳᠠᠯ ᠢ ᠪᠠᠶᠢᠴᠠᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠢᠴᠢ ᠵᠡᠮᠳᠡᠭᠴᠦᠳ ᠤᠨ ᠠᠵᠢᠯ ᠤᠨ ᠪᠠᠶᠢᠷᠢ ᠶᠢᠨ ᠣᠷᠴᠢᠨ ᠲᠣᠭᠤᠷᠢᠨ ᠤ ᠲᠥᠬᠦᠭᠡᠷᠦᠮᠵᠢ ᠶᠢᠨ ᠪᠠᠶᠢᠳᠠᠯ ᠢ ᠲᠣᠭᠤᠷᠢᠨ ᠦᠵᠡᠵᠦ ᠣᠶᠢᠯᠠᠭᠠᠪᠠ᠃ ᠺᠣᠮᠫᠠᠨᠢ ᠶᠢᠨ ᠬᠠᠷᠢᠭᠤᠴᠠᠯᠭᠠᠲᠠᠨ ᠵᠡᠮᠳᠡᠭ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ᠂ ᠡᠷᠬᠡ ᠠᠰᠢᠭ ᠤᠨ ᠪᠠᠲᠤᠯᠠᠭ᠎ᠠ᠂ ᠴᠠᠯᠢᠩ ᠥᠭᠴᠦ ᠪᠠᠶᠢᠭ᠎ᠠ  ᠪᠠᠶᠢᠳᠠᠯ  ᠵᠡᠷᠭᠡ  ᠶᠢ ᠨᠠᠷᠢᠨ ᠲᠠᠨᠢᠯᠴᠠᠭᠤᠯᠵᠤ᠂  ᠠᠵᠤ ᠠᠬᠤᠶᠢᠯᠠᠯ ᠨᠢ ᠵᠡᠮᠳᠡᠭᠴᠦᠳ ᠤᠨ ᠵᠡᠮᠳᠡᠭ ᠤᠨ ᠪᠠᠶᠢᠳᠠᠯ ᠢ ᠦᠨᠳᠦᠰᠦᠯᠡᠨ ᠵᠣᠬᠢᠰᠲᠠᠶ ᠠᠵᠢᠯ ᠤᠨ ᠪᠠᠶᠢᠷᠢ ᠲᠣᠬᠢᠷᠠᠭᠤᠯᠵᠤ᠂ ᠬᠤᠶᠢᠰᠢᠳᠠ ᠪᠠᠰᠠ ᠵᠡᠮᠳᠡᠭᠴᠦᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠡ  ᠭᠡᠵᠦ ᠢᠯᠡᠳᠭᠡᠪᠡ ᠃       ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠳᠤᠭᠤᠶᠢᠯᠠᠩ ᠤᠨ ᠬᠢᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠳᠤᠮᠳᠠ ᠣᠯᠤᠭᠰᠠᠨ ᠢᠯᠡᠳᠲᠡ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠠ ᠭᠦᠢᠴᠡᠳ ᠨᠤᠲᠠᠯᠠᠬᠤ ᠶᠢᠨ ᠬᠠᠮᠲᠤ ᠬᠡᠳᠦᠨ ᠵᠦᠢᠯ ᠤᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠵᠢᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠶᠢ ᠬᠦᠰᠡᠵᠠᠢ︔ ᠨᠢᠭᠡ ᠳᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠴᠢᠩᠭᠠᠳᠬᠠᠵᠤ᠂ ᠠᠵᠢᠯ  ᠤᠯᠬᠤ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠨᠢᠭᠡᠪᠦᠷᠢ ᠴᠥᠮ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠠᠰᠢᠭ ᠢ ᠭᠦᠢᠴᠡᠳ ᠣᠶᠢᠯᠠᠭᠠᠬᠤ ᠶᠢᠨ ᠬᠠᠮᠲᠤ ᠡᠳ᠋ᠯᠡᠬᠦ ᠶᠢ  ᠪᠠᠳᠤᠯᠠᠬᠤ ᠬᠡᠷᠡᠭᠳᠠᠢ︔ ᠬᠤᠶᠠᠷ ᠲᠤ ᠨᠡᠩ ᠨᠠᠷᠢᠯᠢᠭ ᠣᠨᠣᠴᠠᠲᠠᠢ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠵᠡᠮᠳᠡᠭᠴᠦᠳ ᠤᠨ ᠠᠳᠠᠯᠢ ᠪᠤᠰᠤ ᠪᠠᠶᠢᠳᠠᠯ ᠪᠠ ᠬᠡᠷᠡᠭᠴᠡᠭᠡ ᠶᠢ ᠦᠨᠳᠦᠰᠦᠯᠡᠨ᠂ ᠥᠪᠡᠷᠮᠢᠴᠡ᠂ ᠲᠣᠭᠲᠠᠭᠠᠭᠰᠠᠨ ᠠᠵᠢᠯ ᠣᠯᠭᠤᠯᠲᠠ ᠶᠢᠨ ᠵᠢᠯᠤᠭᠤᠳᠤᠯᠭ᠎ᠠ ᠪᠠ ᠳᠡᠮᠵᠢᠯᠭᠡ ᠬᠠᠩᠭᠠᠵᠤ᠂ ᠵᠡᠮᠳᠡᠭᠴᠦᠳ ᠲᠤ ᠨᠡᠩ ᠤᠯᠠᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠠ ᠲᠣᠬᠢᠶᠠᠯ ᠣᠯᠭᠤᠵᠤ᠂ ᠵᠡᠮᠳᠡᠭᠴᠦᠳ ᠤᠨ ᠲᠣᠭᠲᠠᠭᠤᠨ ᠢᠶᠠᠷ ᠠᠵᠢᠯ ᠣᠯᠵᠤ᠂ ᠣᠷᠣᠯᠭ᠎ᠠ  ᠶᠢ ᠨᠢ ᠦᠷᠭᠦᠯᠵᠢᠯᠡᠨ ᠨᠡᠮᠡᠭᠳᠡᠭᠦᠯᠬᠦ ᠶᠢ  ᠪᠠᠳᠤᠯᠠᠬᠤ ᠭᠡᠷᠡᠭᠳᠠᠢ ᠃      ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠪᠠᠶᠢᠴᠠᠭᠠᠬᠤ ᠳᠤᠭᠤᠶᠢᠯᠠᠩ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠢᠩᠭᠡᠭᠡᠨ ᠠᠪᠴᠤ᠂ ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠨ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠵᠡᠮᠳᠡᠭᠴᠦᠳ  ᠲᠤ ᠠᠵᠢᠯ  ᠤᠯᠭᠤᠬᠤ ᠠᠵᠢᠯ ᠤᠨ  ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠵᠡᠮᠳᠡᠭᠴᠦᠳ ᠲᠤ ᠨᠠᠩ ᠲᠥᠪ ᠭᠤᠤᠯᠴᠢ᠂ ᠪᠠᠭᠲᠠᠭᠠᠮᠵᠢᠲᠠᠶ᠂  ᠦᠷᠬᠦᠯᠵᠢᠯᠡᠬᠦᠶᠢᠴᠡ ᠠᠵᠢᠯ ᠣᠯᠭᠤᠯᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号