︽ᠬᠤᠶᠠᠷ ᠢ ᠭᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ | ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠶᠢᠨ ᠲᠥᠯᠥᠭᠡ᠂ ᠰᠤᠷᠭᠠᠭᠤᠯᠢ ᠶᠢᠨ | ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠬᠠᠯᠠᠮᠵᠢᠯᠠᠯ ᠳᠡᠮᠵᠢᠯᠭᠡ ᠳᠣᠤᠷ᠎ᠠ᠂ | ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ︽ᠠᠩᠭᠢ ᠶᠢᠨ ᠬᠤᠯᠪᠣᠭᠠᠲᠤ ᠤᠷᠤᠯᠳᠤᠭᠠᠨ︾ ᠨᠢ 2024 ᠣᠨ ᠤ 9 ᠰᠠᠷ᠎ᠠ ᠶᠢᠨ 10 ᠤ | ᠡᠳᠦᠷ ᠤᠨ ᠦᠳᠡ ᠶᠢᠨ ᠡᠮᠦᠨ᠎ᠡ ᠬᠥᠰᠢᠭᠡ ᠪᠠᠨ ᠰᠡᠬᠦᠪᠡ︕ | ᠨᠤᠭᠤᠭᠠᠨ ᠵᠦᠯᠬᠡ ᠶᠢᠨ ᠲᠠᠯᠠᠪᠠᠢ ᠳᠡᠭᠡᠷ᠎ᠡ᠂ ᠲᠠᠮᠢᠷᠴᠢᠳ ᠴᠤᠭ ᠵᠢᠪᠬᠤᠭ᠎ᠠ ᠪᠠᠳᠠᠷᠠᠩᠭᠤᠶ᠂ ᠪᠥᠮᠪᠦᠭᠡ | ᠲᠠᠮᠵᠢᠭᠤᠯᠤᠨ ᠬᠦᠶᠦᠵᠤ᠂ ᠡᠭᠦᠳᠡ ᠪᠠᠷ ᠢᠰᠬᠦᠯᠵᠦ᠂ ᠬᠠᠮᠵᠢᠯᠴᠠᠭ᠎ᠠ ᠨᠢ ᠢᠯᠭᠤᠮ ᠰᠢᠯᠤᠭᠤᠬᠠᠨ᠂ ᠤᠯᠠᠨ ᠳᠤ | ᠨᠢᠭᠡ ᠤᠳᠠᠭᠠᠨ ᠤ ᠭᠤᠶᠢᠳᠠ ᠰᠠᠶᠢᠬᠠᠨ ᠤᠷᠤᠯᠳᠤᠭᠠᠨ ᠢ ᠦᠵᠡᠭᠦᠯᠪᠡ᠃ ᠲᠠᠮᠢᠷᠴᠢᠳ ᠬᠡᠳᠦ᠋ᠢᠪᠡᠷ ᠨᠠᠰᠤ ᠪᠠᠭ᠎ᠠ | ᠪᠣᠯᠪᠠᠴᠤ ᠪᠣᠳᠠᠲᠤ ᠢᠳᠡ ᠴᠢᠳᠠᠯ ᠨᠢ ᠪᠠᠭ᠎ᠠ ᠪᠢᠰᠢ ᠪᠠᠶᠢᠵᠤ᠂ ᠨᠢᠭᠡ ᠨᠢᠭᠡ ᠪᠠᠷ ᠢᠶᠠᠨ ᠡᠷᠴᠢ ᠵᠣᠷᠢᠭ ᠢᠶᠠᠨ | ᠬᠥᠪᠴᠢᠯᠡᠵᠦ᠂ ᠪᠦᠬᠦ ᠬᠦᠴᠦᠨ ᠢᠶᠠᠷ ᠢᠶᠠᠨ ᠲᠡᠮᠡᠴᠡᠵᠦ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠢᠳᠡᠪᠬᠢᠲᠡᠢ ᠪᠠᠷ ᠤᠷᠤᠭᠰᠢᠯᠠᠨ ᠲᠠᠪᠰᠢᠬᠤ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ | ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | ᠰᠤᠷᠭᠠᠭᠤᠯᠢ ᠶᠢᠨ ᠬᠦᠷᠢᠶᠡᠨ ᠤ ᠠᠩᠭᠢ ᠶᠢᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠨᠢ | ᠬᠡᠦᠬᠡᠳ ᠤᠨ ᠬᠥᠯ ᠪᠥᠮᠪᠦᠭᠡ ᠶᠢᠨ ᠬᠥᠳᠡᠯᠭᠡᠭᠡᠨ ᠳᠠᠬᠢ ᠬᠠᠶᠢᠷ᠎ᠠ ᠰᠡᠳᠬᠢᠯᠭᠡ ᠶᠢ ᠨᠢ ᠬᠥᠭᠵᠢᠭᠡᠵᠦ᠂ | ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠨᠡᠮᠡᠭᠳᠡᠭᠦᠯᠵᠦ᠂ ᠠᠩᠭᠢ ᠶᠢᠨ ᠨᠢᠭᠲᠠᠷᠠᠯ ᠤᠨ ᠬᠦᠴᠦᠨ | ᠪᠠ ᠪᠦᠯᠬᠦᠮ ᠨᠡᠶᠢᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ᠃ ᠲᠠᠰᠤᠷᠠᠯᠲᠠ ᠦᠭᠡᠢ ᠬᠦᠭᠡᠭᠡᠴᠡᠯᠳᠦᠨ᠂ | ᠪᠦᠬᠦ ᠬᠦᠴᠦᠨ ᠢᠶᠠᠷ ᠢᠶᠠᠨ ᠤᠷᠤᠭᠰᠢᠯᠠᠵᠤ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠨᠢ | ᠴᠥᠮ ᠲᠠᠮᠢᠷ ᠤᠨ ᠲᠠᠯᠠᠪᠠᠢ ᠳᠡᠭᠡᠷ᠎ᠡ ᠲᠡᠳᠡᠨ ᠤ ᠭᠤᠶᠢᠳᠠ ᠰᠠᠶᠢᠬᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ | ᠬᠦᠰᠡᠵᠦ ᠪᠠᠶᠢᠨ᠎ᠠ︕ |