ᠵᠢᠶᠠ ᠪᠦᠦ ᠯᠢᠶᠠᠩ ᠰᠢ ᠾᠧ ᠰᠢᠶᠠᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/13
      9 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠨᠠᠷ ᠰᠢ ᠾᠧ ᠰᠢᠶᠠᠩ ᠳᠤ ᠬᠦᠷᠴᠦ ︽ᠨᠢᠭᠡᠳᠦᠯᠲᠡᠶ ᠳᠠᠷᠢᠬᠤ︾᠂ ︽ᠨᠢᠭᠡᠳᠦᠯᠲᠡᠶ ᠲᠡᠵᠢᠭᠡᠬᠦ︾ ᠵᠢᠴᠢ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ︽ᠭᠤᠤᠯ ᠮᠦᠷᠡᠨ ᠨᠠᠭᠤᠷ ᠴᠦᠬᠦᠷᠦᠮ ᠤᠨ ᠲᠠᠷᠤᠭ᠎ᠠ ᠶᠢᠨ ᠲᠦᠷᠢᠮ ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠨ ᠴᠦᠨ ᠯᠸᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠵᠢᠶᠠ ᠪᠦᠦ ᠯᠢᠶᠠᠩ ᠰᠢ ᠾᠧ ᠰᠢᠶᠠᠩ ᠤᠨ ᠰᠢ ᠾᠧ ᠲᠣᠰᠬᠤᠨ ᠤ ︽ᠨᠢᠭᠡᠳᠦᠯᠲᠡᠢ ᠲᠠᠷᠢᠭᠰᠠᠨ︾  ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠷᠴᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠤᠷᠭᠤᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠦᠬᠦ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠲᠠᠷᠢᠮᠠᠯ᠂ ᠬᠠᠮᠢᠶᠠᠷᠤᠯᠲᠠ᠂ ᠨᠥᠬᠦᠪᠥᠷᠢ ᠵᠢᠴᠢ ᠪᠣᠷᠣᠯᠠᠭᠤᠯᠭ᠎ᠠ ᠶᠢᠨ ᠵᠠᠮ᠂ ᠠᠰᠢᠭ ᠣᠷᠣᠯᠭ᠎ᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ︽ᠨᠢᠭᠡᠳᠦᠯᠲᠡᠢ ᠳᠠᠷᠢᠬᠤ︾ ᠪᠣᠯ ᠨᠠᠰᠤᠵᠢᠯ ᠢ ᠨᠠᠮᠳᠠᠭᠤᠯᠬᠤ᠂ ᠤᠯᠠᠮᠵᠢᠯᠠᠯᠲᠤ ᠲᠠᠷᠢᠶᠠᠯᠠᠩ ᠤᠨ ᠲᠠᠷᠢᠮᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ ︽ᠬᠡᠨ ᠲᠠᠷᠢᠶ᠎ᠠ ᠲᠠᠷᠢᠬᠤ᠂ ᠶᠠᠭᠠᠬᠢᠵᠤ ᠲᠠᠷᠢᠶ᠎ᠠ ᠲᠠᠷᠢᠬᠤ︾ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠤᠨ ᠨᠢᠭᠡ ᠪᠣᠯᠤᠨ᠎ᠠ᠂ ︽  ᠨᠢᠭᠡᠳᠦᠯᠳᠠᠢ ᠲᠠᠷᠢᠵᠤ ᠬᠠᠮᠲᠤ ᠪᠠᠷ ᠪᠠᠶᠠᠵᠢᠬᠤ︾ ᠵᠠᠭᠪᠤᠷ ᠢ ᠤᠬᠠᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠬᠤᠷᠰᠢᠶ᠎ᠠ᠂ ᠲᠠᠷᠢᠶᠠᠴᠢᠨ ᠡᠷᠦᠬᠡ ᠳᠤ ᠬᠥᠭᠵᠢᠯᠲᠡ ᠶᠢᠨ ᠰᠠᠶᠢᠨ ᠰᠠᠶᠢᠬᠠᠨ ᠢ ᠣᠶᠢᠯᠠᠭᠠᠭᠤᠯᠵᠤ᠂ ᠤᠯᠠᠨ ᠵᠦᠢᠯ ᠤᠨ ᠠᠷᠭ᠎ᠠ ᠵᠠᠮ ᠢᠶᠠᠷ ᠨᠡᠩ ᠤᠯᠠᠨ ᠤᠯᠠᠨ ᠲᠦᠮᠡᠨ ᠢ ᠣᠷᠣᠭᠤᠯᠤᠨ ᠠᠪᠴᠢᠷᠠᠬᠤ ᠬᠡᠷᠡᠭᠲᠡᠢ᠃ ᠬᠠᠮᠢᠶ᠎ᠠ ᠪᠥᠬᠦᠶ ᠠᠵᠤ ᠠᠬᠤᠶᠢᠯᠠᠯ ᠲᠠᠢ ᠨᠡᠪᠲᠡᠷᠡᠯᠴᠡᠭᠡ ᠵᠣᠯᠭᠠᠯᠴᠠᠭ᠎ᠠ  ᠪᠠᠨ ᠴᠢᠩᠭᠠᠳᠬᠠᠵᠤ᠂ ︽ᠺᠣᠮᠫᠠᠨᠢ+ ᠬᠤᠷᠰᠢᠶ᠎ᠠ + ᠲᠠᠷᠢᠶᠠᠴᠢᠨ ᠡᠷᠦᠬᠡ︾ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠬᠠᠶᠢᠨ ᠰᠦᠪᠡᠭᠴᠢᠯᠡᠵᠦ᠂ ︽ᠵᠠᠬᠢᠶᠠᠯᠠᠭ᠎ᠠ︾ ᠶᠢᠨ ᠲᠠᠷᠢᠮᠠᠯ ᠢ ᠬᠥᠭᠵᠢᠭᠦᠯᠬᠦ ᠶᠢ ᠠᠬᠢᠭᠤᠯᠵᠤ᠂ ᠣᠷᠣᠯᠴᠠᠭᠰᠠᠨ ᠲᠠᠷᠢᠶᠠᠴᠢᠨ ᠡᠷᠦᠬᠡ ᠶᠢᠨ ᠣᠷᠣᠯᠭ᠎ᠠ  ᠶᠢ  ᠪᠠᠳᠤᠯᠠᠨ᠂ ᠬᠠᠮᠲᠤ ᠶᠢᠨ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠃      ᠡᠪᠡᠰᠦ ᠪᠣᠷᠳᠤᠭ᠎ᠠ ᠡᠳ᠋ᠰᠢᠭᠦᠯᠬᠦ ᠰᠠᠭᠤᠷᠢᠨ ᠭᠠᠵᠠᠷ ᠲᠤ᠂ ᠵᠢᠶᠠ ᠪᠦᠦ ᠯᠢᠶᠠᠩ ᠣᠳᠣᠬᠠᠨ ᠤ ᠮᠠᠰᠢᠨ ᠮᠧᠬᠠᠨᠢᠭ ᠂  ᠡᠪᠡᠰᠦ ᠪᠣᠷᠳᠣᠭᠠᠨ ᠤ ᠬᠠᠷᠢᠴᠠᠯ᠂ ᠵᠠᠬ᠎ᠠ ᠳᠡᠯᠭᠡᠭᠦᠷ ᠤᠨ ᠦᠨ᠎ᠡ ᠬᠠᠩᠰᠢ ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ︽ᠨᠢᠭᠡᠳᠦᠯᠲᠡᠶ ᠲᠡᠵᠢᠭᠡᠬᠦ︾ ᠲᠥᠷᠥᠯ  ᠵᠦᠢᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠡᠪᠡᠰᠦ ᠪᠣᠷᠳᠤᠭ᠎ᠠ ᠡᠳ᠋ᠰᠢᠭᠦᠯᠬᠦ ᠰᠠᠭᠤᠷᠢᠨ ᠭᠠᠵᠠᠷ ᠪᠣᠯ ᠬᠠᠮᠤᠭ ᠤᠨ ᠪᠣᠷᠣᠭᠵᠢᠭᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠥᠷᠥᠯ ᠵᠦᠢᠯ ᠮᠥᠨ᠂ ᠡᠪᠡᠰᠦ ᠪᠣᠷᠳᠤᠭ᠎ᠠ ᠶᠢᠨ ᠰᠢᠮ᠎ᠡ ᠲᠡᠵᠢᠭᠡᠯ ᠤᠨ ᠬᠠᠷᠢᠴᠠᠯ ᠢ ᠲᠣᠬᠢᠷᠠᠭᠤᠯᠬᠤ ᠶᠢ ᠴᠢᠬᠤᠯᠠᠴᠢᠯᠠᠵᠤ᠂ ᠡᠪᠡᠰᠦ ᠪᠣᠷᠳᠤᠭ᠎ᠠ ᠡᠳ᠋ᠰᠢᠭᠦᠯᠬᠦ ᠰᠠᠭᠤᠷᠢᠨ ᠭᠠᠵᠠᠷ ᠢ ᠰᠠᠶᠢᠲᠤᠷ ᠭᠦᠢᠴᠡᠳ  ᠠᠰᠢᠭᠯᠠᠨ᠂ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠮᠠᠯ ᠤᠨ ᠦᠢᠯᠡᠰ ᠢᠶᠠᠷ ᠮᠠᠯ ᠠᠵᠤ ᠠᠬᠤᠶ ᠶᠢ ᠬᠥᠭᠵᠢᠭᠦᠯᠵᠦ᠂ ᠮᠠᠯ ᠠᠵᠤ ᠠᠬᠤᠶ ᠪᠠᠷ ᠲᠠᠷᠢᠮᠠᠯ ᠤᠨ ᠦᠢᠯᠡᠰ ᠤᠨ ᠰᠠᠶᠢᠨ ᠣᠷᠴᠢᠯ ᠢ ᠠᠬᠢᠭᠤᠯᠬᠤ ᠬᠡᠷᠡᠭᠲᠡᠶ ᠭᠡᠵᠡᠶ᠃ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠶᠢ ᠶᠡᠬᠡᠪᠡᠷ ᠳᠡᠯᠭᠡᠷᠡᠭᠦᠯᠵᠦ᠂ ᠨᠡᠩ ᠤᠯᠠᠨ ᠲᠡᠵᠢᠭᠡᠨ ᠦᠷᠡᠵᠢᠭᠦᠯᠬᠦ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ︽ᠨᠢᠭᠡᠳᠦᠯᠲᠡᠢ ᠲᠡᠵᠢᠭᠡᠬᠦ︾ ᠲᠦᠷᠦᠯ ᠵᠦᠢᠯ ᠳᠤ ᠣᠷᠣᠯᠴᠠᠭᠤᠯᠵᠤ᠂ ᠪᠠᠷᠢᠮᠵᠢᠶ᠎ᠠ ᠶᠢ ᠨᠢᠭᠡᠳᠬᠡᠵᠦ᠂ ᠨᠢᠭᠡᠳᠦᠯᠲᠡᠢ ᠬᠠᠮᠢᠶᠠᠷᠴᠤ᠂ ᠨᠢᠭᠡᠳᠦᠯᠲᠡᠢ ᠠᠷᠠᠴᠢᠯᠠᠨ ᠲᠡᠵᠢᠭᠡᠵᠦ᠂ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠳ᠋ᠦᠩᠨᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠠ ᠦᠭᠡᠢ ᠤᠷᠲᠤᠳᠬᠠᠵᠤ᠂  ᠨᠤᠳᠤᠭ ᠪᠡᠯᠴᠢᠭᠡᠷ ᠤᠨ ᠭᠡᠳᠦ ᠪᠡᠯᠴᠢᠭᠡᠷᠯᠡᠭᠦᠯᠬᠦ‌ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠬᠡᠷᠡᠭᠲᠡᠢ᠃         ᠵᠢᠶᠠ ᠪᠦᠦ ᠯᠢᠶᠠᠩ ᠬᠠᠷᠭᠠᠨ᠎ᠠ ᠶᠢᠨ ᠰᠠᠭᠤᠷᠢᠨ ᠭᠠᠵᠠᠷ ᠲᠤ ᠬᠦᠷᠴᠤ᠂ ᠪᠥᠬᠦ ᠬᠤᠰᠢᠭᠤᠨ ᠤ ᠬᠠᠷᠭᠠᠨ᠎ᠠ ᠶᠢᠨ ᠲᠠᠷᠢᠮᠠᠯ᠂  ᠦᠢᠯᠡᠳᠪᠦᠷᠢᠯᠡᠵᠦ ᠡᠳ᠋ᠰᠢᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠢᠰᠲ᠋ᠧᠮᠲᠦ ᠰᠡᠳᠬᠢᠬᠦᠶ ᠪᠠᠷ ᠣᠶ ᠰᠢᠭᠤᠶ ᠶᠢ ᠰᠡᠷᠭᠦᠭᠡᠬᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠵᠡᠷᠭᠡ ᠴᠢᠭᠯᠡᠯ ᠲᠠᠢ ᠤᠶᠠᠯᠳᠤᠭᠤᠯᠤᠨ᠂ ᠬᠠᠷᠭᠠᠨ᠎ᠠ ᠶᠢᠨ ᠲᠠᠷᠢᠮᠠᠯ ᠤᠨ ᠲᠥᠷᠥᠯ  ᠵᠦᠢᠯ ᠢ ᠦᠷᠭᠦᠯᠵᠢᠯᠡᠨ ᠰᠠᠶᠢᠲᠤᠷ ᠬᠢᠵᠦ᠂ ᠲᠠᠷᠢᠬᠤ᠂ ᠬᠤᠷᠢᠶᠠᠬᠤ᠂ ᠡᠳ᠋ᠰᠢᠭᠦᠯᠬᠦ᠂ ᠪᠣᠷᠣᠯᠠᠭᠤᠯᠬᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠶᠠᠩ ᠶᠢᠦ ᠹᠠᠩ ᠤᠰᠤᠨ ᠴᠥᠭᠦᠷᠥᠮ ᠳᠤ ︽ᠤᠢ ᠰᠢᠭᠤᠢ ᠶᠢᠨ ᠳᠠᠷᠤᠭ᠎ᠠ ᠶᠢᠨ ᠳᠦᠷᠢᠮ︾᠂ ︽ᠭᠤᠣᠯ ᠮᠦᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠤ ᠳᠠᠷᠠᠭ᠎ᠠ᠂ ᠵᠢᠶᠠ ᠪᠦᠦ ᠯᠢᠶᠠᠩ᠂ ︽ᠤᠢ ᠰᠢᠭᠤᠢ ᠶᠢᠨ ᠳᠠᠷᠤᠭ᠎ᠠ ᠶᠢᠨ ᠳᠦᠷᠢᠮ︾᠂ ︽ᠭᠤᠣᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠶᠢ ᠲᠣᠭᠤᠷᠢᠨ ᠪᠠᠶᠢᠴᠠᠭᠠᠬᠤ᠂ ᠭᠤᠣᠯ ᠨᠠᠭᠤᠷ ᠢ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠶᠢᠲᠤ ᠭᠠᠵᠠᠷ᠂ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠰᠠᠨᠠᠭᠠᠴᠢᠯᠠᠭᠠᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠪᠦᠲᠦᠮᠵᠢᠲᠡᠶ ᠬᠥᠭᠵᠢᠭᠡᠬᠦ ᠬᠡᠷᠡᠭᠲᠡᠶ᠃ ᠤᠰᠤᠨ ᠤ ᠠᠮᠤᠷ ᠲᠦᠪᠰᠢᠨ᠂  ᠡᠬᠢ ᠪᠠᠶᠠᠯᠢᠭ᠂  ᠣᠷᠴᠢᠨ ᠲᠣᠭᠤᠷᠢᠨ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠤᠰᠤ ᠬᠤᠷᠠᠨ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠬᠠᠮᠲᠤ᠂ ᠤᠰᠤᠯᠠᠯᠲᠠ᠂ ᠦᠶᠡᠷ ᠢ ᠰᠡᠷᠭᠡᠶᠢᠯᠡᠬᠦ ᠵᠡᠷᠭᠡ ᠴᠢᠳᠠᠮᠵᠢ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ ᠭᠡᠵᠦ ᠴᠢᠬᠤᠯᠠᠴᠢᠯᠠᠪᠠ ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号