ᠠᠮᠤᠷ ᠲᠦᠪᠰᠢᠨ ᠤ ᠬᠥᠪᠴᠢ ᠶᠢ ᠴᠢᠩᠭᠠᠯᠠᠵᠤ ᠥᠯᠵᠡᠢ ᠪᠡᠯᠭᠡ ᠲᠠᠢ ᠪᠠᠶᠠᠷ ᠤᠨ ᠡᠳᠦᠷ ᠢ ᠦᠩᠭᠡᠷᠡᠭᠦᠯᠪᠡ - ᠮᠠᠨᠳᠤᠯ ᠪᠠᠯᠭᠠᠰᠤ ᠨᠠᠢᠮᠠᠨ ᠰᠠᠷ᠎ᠠ ᠶᠢᠨ ᠲᠡᠷᠭᠡᠯ  ᠰᠠᠷᠠᠨ ᠤ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/13
      ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ  ᠬᠤᠣᠰ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ  ᠬᠢᠵᠦ᠂ ᠡᠯ᠎ᠡ ᠲᠦᠷᠦᠯ ᠤᠨ ᠬᠦᠨᠳᠦ ᠨᠤᠴᠤᠳᠠᠢ ᠠᠳᠡᠯ ᠭᠠᠷᠬᠤ ᠶᠢ ᠡᠷᠡᠰ ᠬᠤᠷᠢᠭᠯᠠᠬᠤ ᠶᠢᠨ ᠲᠥᠯᠥᠭᠡ᠂ 9 ᠰᠠᠷ᠎ᠠ ᠶᠢᠨ 12 ᠤ ᠡᠳᠦᠷ᠂ ᠮᠠᠨᠳᠤᠯ ᠪᠠᠯᠭᠠᠰᠤ ᠨᠢ ᠪᠠᠯᠭᠠᠰᠤᠨ ᠳᠤ  ᠪᠠᠶᠢᠭᠤᠯᠵᠤ ᠪᠠᠶᠢᠭ᠎ᠠ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃     ᠪᠠᠶᠢᠴᠠᠭᠠᠬᠤ ᠳᠤᠭᠤᠶᠢᠯᠠᠩ ᠤᠨ ᠬᠢᠨ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠴᠡᠭᠴᠡᠯᠡᠨ ᠵᠠᠰᠠᠬᠤ᠂ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠵᠡᠷᠭᠡ ᠶᠢ ᠣᠶᠢᠯᠠᠭᠠᠵᠤ᠂ ᠠᠵᠤ ᠠᠬᠤᠶᠢᠯᠠᠯ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠬᠦ ᠶᠢᠨ ᠬᠠᠮᠲᠤ᠂ ᠠᠵᠤ ᠠᠬᠤᠶᠢᠯᠠᠯ ᠢ ᠬᠠᠷᠢᠭᠤᠴᠠᠯᠭ᠎ᠠ ᠶᠢᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ︔ ᠠᠶᠤᠯᠭᠦᠢ ᠦᠢᠯᠡᠳᠪᠦᠷᠢᠯᠡᠯ ᠤᠨ ᠲᠦᠷᠢᠮ ᠪᠠ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠪᠡᠰᠦᠪᠡᠨ ᠠᠮᠤᠷ ᠲᠦᠪᠰᠢᠨ ᠤ ᠬᠡᠮ ᠰᠣᠭᠤᠭ ᠢ  ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠶ︔ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂  ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢ  ᠶᠢ ᠴᠠᠭ ᠲᠤᠬᠠᠶ ᠳᠤᠨᠢ ᠂ ᠣᠨᠣᠪᠴᠢᠲᠠᠶ᠂ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠠᠷᠢᠭᠤᠴᠠᠯᠭᠠᠲᠠᠨ ᠵᠢᠴᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠮᠤᠷ ᠲᠦᠪᠰᠢᠨ ᠤ ᠠᠵᠢᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃      ᠳᠠᠷᠠᠭᠠᠴᠢ ᠶᠢᠨ ᠠᠯᠬᠤᠮ ᠳᠤ᠂ ᠮᠠᠨᠳᠤᠯ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽  ᠤᠭᠳᠤ ᠠᠭᠤᠴᠢᠯᠠᠬᠤ ᠦᠭᠡᠢ︾ ᠣᠪᠣᠷ ᠢᠶᠠᠷ ︽ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠲᠦᠷᠢᠮ ᠪᠣᠯᠤᠨ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠭᠡᠨᠡᠳᠲᠡ ᠶᠢᠨ ᠠᠰᠠᠭᠤᠳᠠᠯ ᠪᠣᠯᠤᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ  ᠪᠠᠳᠤᠯᠠᠬᠤ ᠬᠡᠷᠡᠭᠳᠢ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号